︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠷᠧᠨ ᠷᠦᠢ︶ ᠣᠶᠢᠷ᠎ᠠ ᠶᠢᠨ ᠵᠢᠯ ᠳᠤ᠂ | ᠣᠷᠣᠨ ᠤ ᠲᠥᠪ ᠬᠤᠲᠠ ᠶᠢᠨ ᠡᠳ᠋ ᠤᠨ ᠵᠠᠰᠠᠭ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠡᠯ᠎ᠡ ᠲᠠᠯ᠎ᠠ ᠶᠢᠨ | ᠭᠤᠣᠯ ᠴᠣᠭᠴᠠ ᠶᠢᠨ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠪᠠ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ︽ᠦᠢᠯᠡᠴᠢᠯᠡᠭᠡ + ᠬᠢᠨᠠᠯᠲᠠ ᠬᠠᠮᠢᠶᠠᠷᠤᠯᠲᠠ︾ ᠶᠢᠨ ᠵᠠᠭᠪᠤᠷ ᠢᠶᠠᠷ | ᠳᠠᠮᠵᠢᠭᠤᠯᠤᠨ᠂ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠲᠣᠭᠤᠷᠢᠨ ᠳᠤ ᠠᠵᠢᠯ ᠢᠶᠠᠨ | ᠥᠷᠨᠢᠭᠦᠯᠵᠦ᠂ ᠡᠨᠡ ᠵᠢᠯ ᠤᠨ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠵᠠᠰᠠᠭ ᠤᠨ | ᠣᠷᠳᠣᠨ ᠤ ᠬᠤᠳᠠᠯᠳᠤᠨ ᠠᠪᠬᠤ ᠭᠡᠷ᠎ᠡ ᠶᠢᠨ ᠪᠡᠯᠡ ᠲᠣᠬᠢᠷᠠᠭᠤᠯᠭ᠎ᠠ ᠶᠢᠨ ᠨᠡᠶᠢᠲᠡ ᠵᠣᠭᠤᠰ ᠤᠨ ᠲᠤᠭ᠎ᠠ 1.16 | ᠳ᠋ᠦᠩᠰᠢᠭᠤᠷ ᠲᠥᠭᠦᠷᠢᠭ ᠬᠦᠷᠴᠦ᠂ ᠪᠡᠯᠡ ᠲᠣᠬᠢᠷᠠᠭᠤᠯᠭ᠎ᠠ ᠶᠢᠨ ᠲᠤᠭ᠎ᠠ 79 ᠬᠤᠪᠢ ᠪᠠᠶᠢᠵᠤ᠂ ᠪᠡᠯᠡ | ᠲᠣᠬᠢᠷᠠᠭᠤᠯᠭ᠎ᠠ ᠶᠢᠨ ᠲᠤᠭ᠎ᠠ ᠪᠥᠬᠦ ᠣᠷᠣᠨ ᠤ ᠨᠢᠭᠡᠳᠦᠭᠡᠷ ᠲᠤ ᠣᠷᠣᠪᠠ᠃ | ᠣᠶᠢᠷ᠎ᠠ ᠶᠢᠨ ᠵᠢᠯ ᠳᠤ᠂ ᠮᠠᠨ ᠤ ᠬᠤᠲᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ | ᠥᠭᠡᠷᠡᠴᠢᠯᠡᠯᠲᠡ ᠶᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ | ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠪᠠ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ | ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠪᠦᠲᠦᠮᠵᠢᠲᠡᠶ ᠬᠥᠭᠵᠢᠭᠡᠪᠡ᠃ ᠮᠠᠨ ᠤ ᠬᠤᠲᠠ ᠤᠷᠢᠳ | ᠬᠤᠵᠢᠳ ᠣᠯᠠᠨ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠵᠤ᠂ ᠵᠠᠰᠠᠭ ᠤᠨ ᠣᠷᠳᠣᠨ ᠤ ᠦᠢᠯᠡᠴᠢᠯᠡᠭᠡ | ᠬᠤᠳᠠᠯᠳᠤᠨ ᠠᠪᠬᠤ ᠶᠢ ᠠᠯᠬᠤᠮ ᠠᠯᠬᠤᠮ ᠢᠶᠠᠷ ᠵᠢᠷᠤᠮᠵᠢᠭᠤᠯᠪᠠ᠃ ᠡᠭᠦᠨ ᠤ ᠬᠠᠮᠲᠤ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠵᠦᠢᠯᠡᠰ ᠢ ᠰᠠᠯᠠᠭ᠎ᠠ ᠮᠥᠴᠢᠷ ᠤᠨ ᠲᠥᠰᠥᠪ ᠲᠤ ᠣᠷᠣᠭᠤᠯᠵᠤ᠂ ᠡᠯ᠎ᠡ ᠰᠠᠯᠠᠭ᠎ᠠ | ᠮᠥᠴᠢᠷ ᠨᠢᠭᠡᠴᠢ ᠶᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠭᠡᠷ᠎ᠡ ᠶᠢᠨ ᠬᠠᠮᠢᠶᠠᠷᠤᠯᠲᠠ ᠶᠢ | ᠴᠢᠩᠭᠠᠳᠬᠠᠨ᠂ ᠪᠥᠬᠦ ᠶᠠᠪᠤᠴᠠ ᠶᠢᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠬᠡᠷᠡᠭᠵᠢᠭᠦᠯᠬᠦ | ᠵᠦᠢᠯᠡᠰ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ | ᠬᠡᠷᠡᠭᠲᠡᠢ ᠭᠡᠵᠦ ᠱᠠᠭᠠᠷᠳᠠᠪᠠ᠃ ᠣᠳᠣᠬᠠᠨ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ ᠨᠢ | ᠮᠠᠨ ᠤ ᠬᠤᠲᠠ ᠶᠢᠨ ᠨᠠᠰᠤᠵᠢᠯ ᠤᠨ ᠠᠰᠠᠷᠠᠮᠵᠢ᠂ ᠰᠣᠶᠣᠯ᠂ ᠨᠡᠶᠢᠭᠡᠮ ᠤᠨ ᠠᠪᠤᠷᠠᠨ ᠲᠤᠰᠠᠯᠠᠯᠲᠠ᠂ ᠬᠠᠤᠯᠢ | ᠴᠠᠭᠠᠵᠠ ᠶᠢᠨ ᠦᠢᠯᠡᠴᠢᠯᠡᠭᠡ᠂ ᠬᠤᠲᠠ ᠶᠢᠨ ᠬᠠᠮᠢᠶᠠᠷᠤᠯᠲᠠ᠂ ᠣᠷᠴᠢᠨ ᠲᠤᠭᠤᠷᠢᠨ ᠡᠷᠡᠭᠦᠯ ᠬᠠᠮᠠᠭᠠᠯᠠᠯ ᠵᠡᠷᠭᠡ | ᠬᠦᠷᠢᠶᠡᠨ ᠳᠤ ᠢᠯᠡᠳᠲᠡ ᠦᠷ᠎ᠡ ᠪᠦᠲᠦᠮᠵᠢ ᠣᠯᠵᠤ᠂ ᠨᠡᠶᠢᠭᠡᠮ ᠤᠨ ᠲᠤᠰᠬᠠᠯ ᠰᠠᠶᠢᠨ ᠪᠠᠶᠢᠨ᠎ᠠ᠃ | ᠠᠵᠢᠯ ᠤᠨ ᠳᠤᠮᠳᠠ ᠪᠠᠨ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠡᠩ ᠰᠠᠶᠢᠨ ᠨᠠᠶᠢᠳᠠᠪᠤᠷᠢᠵᠢᠭᠤᠯᠬᠤ ᠪᠠ ᠪᠦᠲᠦᠮᠵᠢᠲᠡᠶ | ᠬᠡᠷᠡᠭᠵᠢᠭᠦᠯᠬᠦ ᠶᠢ ᠢᠳᠡᠪᠬᠢᠲᠡᠢ ᠠᠬᠢᠭᠤᠯᠵᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠭᠰᠠᠨ ᠵᠠᠰᠠᠭ ᠤᠨ | ᠣᠷᠳᠣᠨ ᠤ ᠬᠤᠳᠠᠯᠳᠤᠨ ᠠᠪᠬᠤ ᠳᠦᠷᠢᠮ ᠤᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤᠨ ᠵᠠᠮ ᠮᠥᠷ ᠢ ᠰᠠᠭᠠᠳ | ᠦᠭᠡᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ | ᠣᠷᠣᠯᠴᠠᠬᠤ ᠳᠤᠮᠳᠠᠬᠢ ᠬᠦᠴᠢᠷᠳᠡᠯ ᠪᠠ ᠲᠦᠭᠵᠢᠷᠡᠯ ᠢ ᠰᠢᠢᠳᠪᠦᠷᠢᠯᠡᠵᠦ᠂ ᠨᠠᠩ ᠡᠷᠬᠡ ᠲᠡᠭᠰᠢ ᠲᠥᠪ ᠭᠤᠥᠯᠴᠢ᠂ | ᠢᠯᠡ ᠲᠣᠳᠣ᠂ ᠥᠷᠢᠰᠦᠯᠳᠦᠭᠡᠨ ᠨᠢ ᠡᠮᠬᠢ ᠵᠢᠷᠤᠮ ᠲᠠᠢ᠂ ᠴᠢᠨᠠᠷ ᠰᠠᠶᠢᠨ ᠥᠨᠳᠥᠷ ᠪᠦᠲᠦᠮᠵᠢᠲᠡᠶ ᠵᠠᠰᠠᠭ ᠤᠨ | ᠣᠷᠳᠣᠨ ᠤ ᠬᠤᠳᠠᠯᠳᠤᠨ ᠠᠪᠬᠤ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠨᠡᠨᠬᠦ ᠪᠣᠶ ᠪᠣᠯᠭᠠᠵᠤ᠂ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠦᠢᠯᠡᠴᠢᠯᠡᠭᠡᠨ ᠤ ᠬᠦᠴᠦᠨ ᠴᠢᠳᠠᠪᠤᠷᠢ ᠶᠢ | ᠳᠡᠭᠡᠭᠰᠢᠯᠡᠭᠦᠯᠪᠡ᠃ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠢᠯᠡᠷᠬᠡᠶᠢᠯᠡᠭᠰᠡᠨ ᠨᠢ᠂ ᠳᠠᠷᠠᠭ᠎ᠠ ᠠᠯᠬᠤᠮ ᠳᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠵᠤ ᠠᠬᠤᠢ ᠶᠢ | ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠰᠢᠯᠭᠠᠨ | ᠦᠨᠡᠯᠡᠬᠦ ᠪᠠᠷ ᠵᠢᠯᠣᠭᠤᠳᠤᠮᠵᠢ ᠪᠣᠯᠭᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠳᠤᠮᠳᠠ ᠵᠢᠵᠢᠭ ᠠᠵᠤ | ᠠᠬᠤᠶᠢᠯᠠᠯ ᠢ ᠲᠡᠳᠬᠦᠬᠦ᠂ ᠪᠣᠬᠢᠷᠲᠤᠯ ᠦᠭᠡᠢ ᠬᠤᠳᠠᠯᠳᠤᠨ ᠠᠪᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠳᠠᠯᠳᠤᠨ | ᠠᠪᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭᠠᠷᠠᠭᠤᠯᠵᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠲᠤᠭᠠᠴᠢᠯᠠᠭᠰᠠᠨ ᠬᠡᠷᠡᠭᠯᠡᠯᠲᠡ ᠶᠢ ᠠᠬᠢᠭᠤᠯᠬᠤ ᠶᠢᠨ ᠬᠠᠮᠲᠤ᠂ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠠᠵᠢᠯᠯᠠᠭᠠᠨ ᠤ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ | ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠴᠢᠩᠭᠠᠳᠬᠠᠨ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ | ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠪᠥᠬᠦ ᠶᠠᠪᠤᠴᠠ ᠶᠢᠨ ᠬᠠᠮᠢᠶᠠᠷᠥᠯᠲᠠ ᠶᠢ | ᠪᠤᠲᠠᠲᠠᠶᠢᠵᠢᠭᠤᠯᠤᠨ᠎ᠠ᠃ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠤᠨ | ᠬᠡᠷᠡᠭᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠶᠢᠨ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ | ᠲᠣᠭᠤᠷᠢᠭ ᠤᠨ ᠨᠡᠶᠢᠭᠡᠮ ᠤᠨ ᠪᠠᠲᠤᠯᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠲᠥᠷᠥᠯ ᠤᠨ ᠬᠦᠷᠢᠶᠡᠨ ᠳᠠᠬᠢ ᠥᠭᠡᠷᠡᠴᠢᠯᠡᠯᠲᠡ ᠶᠢᠨ | ᠡᠷᠴᠢᠮ ᠢ ᠴᠢᠩᠭᠠᠷᠠᠭᠤᠯᠵᠤ᠂ ᠪᠥᠬᠦ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | |