ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 264.86 ᠲᠦᠮᠡᠨ ᠬᠥᠮᠥᠨ ᠤᠳᠠᠭ᠎ᠠ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/5/9
    ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ︽5.1︾ ᠤ ᠬᠤᠭᠤᠴᠠᠭᠠᠨ ᠳᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠤᠷᠢᠲᠠ ᠠᠴᠠ ᠠᠵᠢᠯ ᠤᠨ ᠪᠡᠯᠡᠳᠬᠡᠯ ᠬᠢᠵᠦ᠂ ᠡᠯ᠎ᠡ ᠬᠤᠰᠢᠭᠤ ᠰᠢᠶᠠᠨ ᠲᠣᠭᠤᠷᠢᠭ ᠤᠨ ᠬᠢᠨ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠵᠠᠮ ᠱᠤᠭᠤᠮ ᠪᠠ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠵᠠᠯᠭᠠᠭ᠎ᠠ ᠪᠠᠷ ᠭᠠᠷᠭᠠᠵᠤ᠂ ᠵᠢᠭᠤᠯᠴᠢᠯᠠᠭᠴᠢᠳ ᠲᠤ ᠬᠥᠬᠡᠬᠤᠲᠠ ᠶᠢᠨ ᠠᠳᠠᠯᠢ ᠪᠤᠰᠤ ᠶᠢᠨ ᠲᠠᠲᠠᠬᠤ ᠬᠦᠴᠦᠨ ᠢ ᠮᠡᠳᠡᠷᠡᠭᠦᠯᠦᠭᠰᠡᠨ ᠪᠠᠶᠢᠨ᠎ᠠ᠃ ᠡᠭᠦᠨ ᠤ ᠬᠠᠮᠲᠤ᠂ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠠ ᠪᠠᠶᠢᠴᠠᠭᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠠᠷᠠᠯᠲᠠ ᠶᠢᠨ ᠬᠤᠭᠤᠴᠠᠭᠠᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃      ᠪᠠᠶᠢᠴᠠᠭᠠᠯᠲᠠ ᠶᠢᠨ ᠲᠥᠰᠥᠭᠡᠯᠡᠨ ᠪᠤᠳᠤᠭᠰᠠᠨ ᠢᠶᠠᠷ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 264.86 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 41.62% ᠢᠶᠠᠷ ᠨᠡᠮᠡᠭᠳᠡᠪᠡ︔ ᠵᠢᠭᠤᠯᠴᠢᠯᠠᠭᠴᠢᠳ ᠢ ᠬᠦᠯᠢᠶᠡᠨ ᠠᠪᠬᠤ ᠳᠤ ᠨᠡᠶᠢᠲᠡ 20.10 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠠᠳᠠᠯᠢ ᠬᠤᠭᠤᠴᠠᠭᠠᠨ ᠤ  ᠬᠢ ᠠᠴᠠ 65.71% ᠨᠡᠮᠡᠭᠳᠡᠪᠡ᠃      ︽5.1︾  ᠤ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠬᠢᠨ ᠨᠢᠭᠡ ᠡᠳᠦᠷ ᠤᠨ ᠵᠤᠭᠠᠴᠠᠯ ᠤᠨ ᠵᠢᠭᠤᠯᠴᠢᠯᠠᠭᠴᠢᠳ ᠢ 191.33 ᠲᠦᠮᠡᠨ ᠬᠥᠮᠥᠨ ᠤᠳᠠᠭ᠎ᠠ ᠳᠤ ᠬᠦᠯᠢᠶᠡᠨ ᠠᠪᠴᠤ᠂ ᠵᠢᠭᠤᠯᠴᠢᠯᠠᠭᠴᠢᠳ ᠢ ᠬᠦᠯᠢᠶᠡᠨ ᠠᠪᠤᠭᠰᠠᠨ ᠶᠡᠷᠦᠩᠬᠡᠢ ᠬᠡᠮᠵᠢᠶᠡᠨ ᠤ ᠳᠣᠲᠣᠷ᠎ᠠ 72.24% ᠢ ᠡᠵᠡᠯᠡᠪᠡ︔ ᠬᠤᠨᠤᠭ ᠤᠨ ᠵᠤᠭᠠᠴᠠᠯ ᠤᠨ ᠵᠢᠭᠤᠯᠴᠢᠯᠠᠭᠴᠢᠳ ᠢ 73.52 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠭᠴᠢᠳ ᠢ ᠬᠦᠯᠢᠶᠡᠨ ᠠᠪᠴᠤ ᠵᠣᠴᠢᠯᠠᠭᠰᠠᠨ ᠶᠡᠷᠦᠩᠬᠡᠢ ᠬᠡᠮᠵᠢᠶᠡᠨ ᠤ 27.76% ᠶᠢ ᠡᠵᠡᠯᠡᠪᠡ᠃      ᠮᠠᠨ ᠤ ᠬᠤᠲᠠ ᠶᠢᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠳᠤ ᠳᠣᠣᠷᠠᠬᠢ ᠮᠡᠲᠦ ᠭᠤᠷᠪᠠᠨ ᠶᠡᠭᠡ ᠣᠨᠴᠠᠯᠢᠭ ᠢᠯᠡᠷᠬᠡᠢ᠄      ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠪᠠᠶᠠᠯᠢᠭ ᠰᠠᠶᠢᠬᠠᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠪᠡ᠃ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠰᠣᠶᠣᠯ ᠵᠢᠭᠤᠯᠴᠢᠯᠠᠯ ᠤᠨ ᠡᠯᠪᠡᠭ ᠪᠠᠶᠠᠯᠢᠭ ᠪᠦᠲᠦᠭᠡᠭᠳᠡᠬᠦᠨ ᠢ ᠭᠠᠷᠭᠠᠵᠤ᠂ ᠣᠲᠣ ᠦᠶ᠎ᠡ ᠶᠢᠨ ᠬᠤᠲᠠ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠲᠡᠦᠬᠡ ᠰᠣᠶᠣᠯ ᠤᠨ ᠦᠵᠡᠰᠬᠦᠯᠡᠩ᠂ ᠲᠠᠯ᠎ᠠ ᠨᠤᠲᠤᠭ᠂ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠬᠦᠨ ᠵᠡᠷᠭᠡ ᠶᠢ ᠬᠠᠮᠤᠷᠴᠤ᠂ ᠠᠮᠠᠷᠠᠯᠲᠠ ᠶᠢᠨ ᠡᠳᠦᠷ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠰᠠᠶᠢᠵᠢᠷᠠᠭᠤᠯᠵᠠᠢ᠃ ᠪᠣᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠰᠢᠨ᠎ᠡ ᠪᠠᠷ ᠬᠥᠭᠵᠢᠭᠰᠡᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠠᠷᠭ᠎ᠠ ᠬᠡᠯᠪᠡᠷᠢ ︱ ︽ᠵᠤᠭᠠᠴᠠᠯ ᠰᠡᠭᠦᠳᠡᠷᠯᠡᠯ︾ ᠤᠯᠠᠮ ᠠᠴᠠ ᠤᠯᠠᠮ ᠤᠯᠠᠨ ᠵᠢᠭᠤᠯᠴᠢᠯᠠᠭᠴᠢᠳ ᠤᠨ ᠲᠠᠭᠠᠰᠢᠶᠠᠯ ᠢ ᠣᠯᠵᠤ᠂ ᠲᠤᠰ ᠭᠠᠵᠠᠷ ᠤᠨ ᠬᠤᠳᠠ ᠶᠢᠨ ᠠᠷᠠᠳ᠂ ᠭᠠᠳᠠᠷ ᠣᠷᠣᠨ ᠤ ᠵᠢᠭᠤᠯᠴᠢᠯᠠᠭᠴᠢᠳ ᠬᠤᠶᠢᠨ᠎ᠠ ᠬᠤᠶᠢᠨ᠎ᠠ ᠠᠴᠠ ᠪᠠᠨ ᠢᠷᠡᠵᠦ ᠨᠡᠷ᠎ᠡ ᠪᠠᠨ ᠪᠦᠷᠢᠳᠬᠡᠭᠦᠯᠪᠡ︔ ︽ᠤᠮᠠᠷᠠᠲᠤ ᠬᠢᠯᠢ ᠶᠢᠨ ᠵᠠᠩ ᠦᠢᠯᠡ ︱ᠪᠠᠶᠠᠷ ᠴᠡᠩᠭᠡᠯᠲᠦ ᠴᠡᠯᠡᠭᠡᠷ ᠲᠠᠯ᠎ᠠ︾ ᠰᠣᠶᠣᠯ ᠵᠤᠭᠠᠴᠠᠯ ᠤᠨ ᠬᠠᠮᠲᠤᠷᠠᠭᠰᠠᠨ ᠲᠣᠭᠯᠠᠯᠲᠠ ᠨᠢ ᠵᠢᠭᠤᠯᠴᠢᠯᠠᠭᠴᠢᠳ ᠲᠤ ᠲᠤᠰᠬᠠᠢ ᠮᠡᠷᠭᠡᠵᠢᠯ ᠤᠨ ᠲᠣᠭᠯᠠᠯᠲᠠ ᠶᠢᠨ ᠪᠦᠯᠬᠦᠮ ᠤᠨ ᠥᠨᠳᠥᠷ ᠲᠦᠪᠰᠢᠨ ᠲᠠᠢ ᠲᠣᠭᠯᠠᠯᠲᠠ ᠶᠢ ᠣᠶᠢᠯᠠᠭᠠᠭᠤᠯᠪᠠ︔ ᠲᠠᠶᠢᠭᠠᠳᠤ ᠲᠣᠰᠬᠤᠨ ᠤ ᠭᠠᠶᠢᠬᠠᠮᠰᠢᠭᠲᠤ ᠣᠨ ᠰᠠᠷ᠎ᠠ᠂ ᠪᠣᠭᠤᠮᠲᠠ ᠶᠢᠨ ᠭᠠᠳᠠᠨᠠᠬᠢ ᠲᠤᠭᠤᠷ ᠤᠨ ᠬᠦᠷᠢᠶᠡᠯᠡᠩ ᠤᠨ ᠠᠮᠢ ᠠᠬᠤᠢ ᠶᠢᠨ ᠵᠤᠭᠠᠴᠠᠯ ᠤᠨ ᠣᠷᠣᠨ ᠤ ᠲᠠᠷᠢᠶᠠᠯᠠᠬᠤ ᠰᠣᠶᠣᠯ᠂ ᠤᠯᠠᠭᠠᠨᠬᠦᠦ ᠶᠢᠨ ᠬᠠᠭᠤᠴᠢᠨ ᠰᠠᠭᠤᠴᠠ᠂ ᠦᠷᠡᠭᠳᠡᠭᠰᠡᠨ ᠪᠠᠭᠠᠲᠤᠷ ᠳ᠋ᠦᠸᠧ ᠰᠦᠩ ᠨᠢᠶᠠᠨ ᠤ ᠳᠤᠷᠠᠰᠬᠠᠯ ᠤᠨ ᠣᠷᠳᠣᠨ ᠤ ᠲᠠᠯ᠎ᠠ ᠨᠤᠲᠤᠭ ᠤᠨ ᠲᠦᠳᠡᠭ ᠬᠤᠪᠢᠰᠬᠠᠯ ᠤᠨ ᠰᠣᠶᠣᠯ ᠤᠨ ᠵᠤᠭᠠᠴᠠᠯ ᠨᠢ ᠵᠢᠭᠤᠯᠴᠢᠯᠠᠭᠴᠢᠳ ᠤᠨ ᠤᠯᠠᠨ ᠡᠰᠢᠵᠢᠭᠰᠡᠨ᠂ ᠥᠪᠡᠷᠮᠢᠴᠡ ᠣᠨᠴᠠᠯᠢᠭ ᠲᠠᠢ ᠪᠡᠶᠡᠴᠢᠯᠡᠨ ᠣᠶᠢᠯᠠᠭᠠᠬᠤ ᠬᠡᠷᠡᠭᠴᠡᠭᠡ ᠶᠢ ᠨᠡᠩ ᠰᠠᠶᠢᠨ ᠬᠠᠩᠭᠠᠭᠰᠠᠨ ᠪᠠᠶᠢᠨ᠎ᠠ᠃      ᠣᠨᠴᠠᠯᠢᠭᠲᠤ ᠵᠠᠮ ᠱᠤᠭᠤᠮ ᠢ ᠨᠠᠷᠢᠨ ᠨᠢᠮᠪᠠᠢ ᠳᠠᠪᠲᠠᠨ ᠪᠣᠯᠪᠠᠰᠤᠷᠠᠭᠤᠯᠵᠤ᠂ ᠭᠠᠳᠠᠭᠰᠢ ᠭᠠᠷᠴᠤ ᠵᠤᠭᠠᠴᠠᠬᠤ ᠬᠠᠯᠠᠭᠤᠨ ᠰᠡᠳᠬᠢᠯᠭᠡ ᠦᠷᠭᠦᠯᠵᠢᠯᠡᠨ ᠤᠷᠭᠢᠯᠠᠪᠠ᠃ ᠮᠠᠨ ᠤ ᠬᠤᠲᠠ ︽ᠨᠢᠭᠡ ᠬᠤᠲᠠ ᠪᠠᠷ ᠤᠮᠠᠷᠠᠲᠤ ᠬᠢᠯᠢ ᠶᠢ ᠬᠠᠷᠠᠬᠤ  ᠬᠥᠬᠡᠬᠤᠲᠠ ᠶᠢᠨ ᠠᠮᠠᠷᠠᠯᠲᠠ ᠶᠢᠨ ᠲᠥᠯᠥᠪᠯᠡᠭᠡ︾ ᠪᠠᠷ ᠭᠤᠣᠯ ᠰᠡᠳᠦᠪ ᠪᠣᠯᠭᠠᠭᠰᠠᠨ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠪᠡ᠃ ᠰᠦᠯᠵᠢᠶᠡᠨ ᠳᠡᠭᠡᠷ᠎ᠡ᠂ ᠪᠦᠬᠦ ᠤᠯᠤᠰ ᠤᠨ ᠵᠢᠭᠤᠯᠴᠢᠯᠠᠭᠴᠢᠳ ᠲᠤ ᠬᠠᠨᠳᠤᠭᠤᠯᠤᠭᠰᠠᠨ ᠰᠣᠳᠣᠨ ᠵᠠᠮ ᠱᠤᠭᠤᠮ ᠢ ᠭᠠᠷᠭᠠᠵᠤ᠂ ᠣᠨᠴᠠᠭᠠᠶᠢᠯᠠᠨ ᠪᠡᠭᠡᠵᠢᠩ ᠲᠢᠶᠠᠨᠵᠢᠨ ᠾᠧᠪᠧᠢ ᠵᠢᠴᠢ ᠡᠷᠬᠢᠨ ᠲᠣᠭᠤᠷᠢᠨ ᠤ ᠵᠢᠭᠤᠯᠴᠢᠯᠠᠭᠴᠢᠳ ᠲᠤ ︽ᠲᠦᠷᠭᠡᠨ ᠤ ᠭᠠᠯᠲᠤ ᠲᠡᠷᠭᠡᠨ ᠳᠤ ᠰᠠᠭᠤᠵᠤ ᠬᠥᠬᠡᠬᠤᠲᠠ ᠳᠤ ᠢᠷᠡᠬᠦ︾ ᠲᠤᠰᠬᠠᠢ ᠵᠠᠮ ᠱᠤᠭᠤᠮ ᠤᠨ ᠠᠷᠭ᠎ᠠ ᠪᠣᠳᠣᠯᠭ᠎ᠠ ᠶᠢ ᠭᠠᠷᠭᠠᠵᠤ᠂ ︽ᠨᠢᠭᠡ ᠬᠤᠳᠠ ᠶᠢᠨ ᠠᠮᠢᠳᠤᠷᠠᠯ ᠠᠬᠤᠢ ᠂ ᠨᠢᠭᠡ ᠬᠤᠳᠠ ᠶᠢᠨ ᠥᠩᠭᠡ ᠦᠵᠡᠮᠵᠢ᠂ ᠨᠢᠭᠡ ᠬᠤᠳᠠ ᠶᠢᠨ ᠰᠣᠶᠣᠯ ᠤᠨ ᠰᠤᠳᠠᠰᠤ᠂ ᠨᠢᠭᠡ ᠬᠤᠳᠠ ᠶᠢᠨ ᠦᠨᠦᠷ ᠠᠮᠲᠠ᠂ ᠨᠢᠭᠡ ᠬᠤᠳᠠ ᠶᠢᠨ ᠲᠠᠪᠠᠲᠠᠢ ᠰᠡᠯᠡᠭᠦᠴᠡᠯ᠂ ᠨᠢᠭᠡ ᠬᠤᠳᠠ ᠶᠢᠨ ᠦᠨᠦᠷ ᠠᠮᠲᠠ︾ ᠭᠡᠬᠦ ᠵᠢᠷᠭᠤᠭᠠᠨ ᠶᠡᠭᠡ ᠵᠠᠮ ᠱᠤᠭᠤᠮ ᠭᠠᠷᠭᠠᠵᠤ᠂ ᠬᠥᠬᠡᠬᠤᠲᠠ ᠳᠤ ᠢᠷᠡᠭᠰᠡᠨ ᠡᠯ᠎ᠡ ᠭᠠᠵᠠᠷ ᠤᠨ ᠵᠢᠭᠤᠯᠴᠢᠯᠠᠭᠴᠢᠳ ᠲᠤ ᠴᠢᠨᠠᠷ ᠰᠠᠶᠢᠲᠠᠢ ᠵᠤᠭᠠᠴᠠᠯ ᠤᠨ ᠵᠠᠮ ᠱᠤᠭᠤᠮ ᠬᠠᠩᠭᠠᠵᠠᠢ᠃ ᠰᠦᠯᠵᠢᠶᠡᠨ ᠭᠠᠳᠠᠨ᠎ᠠ᠂ ᠬᠥᠬᠡᠬᠤᠲᠠ ᠶᠢᠨ ᠴᠠᠭᠠᠨ ᠰᠤᠪᠤᠷᠭ᠎ᠠ ᠨᠢᠰᠬᠡᠯ ᠤᠨ ᠪᠠᠭᠤᠳᠠᠯ ᠵᠡᠷᠭᠡ ᠭᠠᠵᠠᠷ ᠲᠤ ᠲᠣᠰ ᠲᠣᠰ ︽ᠲᠠᠪᠤᠨ ᠰᠠᠷ᠎ᠠ ᠶᠢᠨ ᠨᠢᠭᠡᠨ︾ ᠤ ᠭᠤᠣᠯ ᠰᠡᠳᠦᠪᠲᠦ ᠭᠢᠯᠪᠠᠭᠠᠨ ᠲᠣᠭᠯᠠᠯᠲᠠ ᠭᠠᠷᠭᠠᠵᠤ᠂ ᠴᠡᠯᠡᠭᠡᠷ ᠲᠠᠯ᠎ᠠ ᠳᠤ ᠰᠦᠯᠵᠢᠶᠡᠨ ᠭᠠᠳᠠᠨᠠᠬᠢ ᠰᠤᠳᠤᠨ ᠴᠡᠭ ᠭᠠᠷᠭᠠᠵᠤ᠂ ᠭᠤᠶᠢᠳᠠ ᠰᠠᠶᠢᠬᠠᠨ ᠥᠪᠡᠷᠮᠢᠴᠡ ᠣᠨᠴᠠᠯᠢᠭ ᠲᠠᠢ ᠪᠥᠵᠢᠭ᠂ ᠬᠥᠭᠵᠢᠮ᠂ ᠳᠠᠭᠤᠤ ᠶᠢᠨ ᠲᠣᠭᠯᠠᠯᠲᠠ ᠭᠠᠷᠭᠠᠭᠰᠠᠨ ᠪᠥᠭᠡᠳ ᠦᠨ᠎ᠡ ᠲᠥᠯᠥᠪᠦᠷᠢ ᠦᠭᠡᠢ ᠪᠠᠷ ︽ᠬᠥᠬᠡ ᠬᠤᠲᠠ ᠶᠢᠨ ᠪᠡᠯᠡᠭ ︾ ᠬᠦᠷᠭᠡᠭᠰᠡᠨ ᠪᠠᠶᠢᠨ᠎ᠠ᠃ ᠥᠪᠥᠷ ᠮᠣᠩᠭᠤᠯ ᠤᠨ ᠮᠦᠽᠧᠢ᠂ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ᠂ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤ᠂  ᠪᠤᠭᠤᠮᠲᠠ ᠶᠢᠨ ᠬᠠᠭᠤᠴᠢᠨ ᠵᠡᠭᠡᠯᠢ ᠶᠢᠨ ᠰᠡᠯᠡᠭᠦᠴᠡᠯ ᠤᠨ ᠵᠡᠭᠡᠯᠢ ᠲᠣᠭᠤᠷᠢᠭ ᠵᠡᠷᠭᠡ ᠭᠠᠵᠠᠷ ᠠᠴᠠ ᠬᠦᠢ ᠰᠦᠢ ᠶᠢᠨ ᠢᠮ ᠲᠠᠮᠠᠭ᠎ᠠ ᠶᠢ ᠡᠷᠢᠵᠦ᠂ ᠬᠥᠬᠡᠬᠤᠲᠠ ᠳᠤ ᠠᠮᠲᠠᠲᠤ ᠢᠳᠡᠭᠡᠨ ᠢᠳᠡᠭᠦᠯᠵᠦ᠂ ᠵᠢᠭᠤᠯᠴᠢᠯᠠᠭᠴᠢᠳ ᠲᠤ ᠬᠥᠬᠡᠬᠤᠲᠠ ᠶᠢᠨ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠢ ᠮᠡᠳᠡᠷᠡᠭᠦᠯᠪᠡ᠃      ᠤᠯᠠᠨ ᠬᠡᠯᠪᠡᠷᠢ ᠪᠠᠷ ᠪᠣᠷᠤᠯᠠᠭᠤᠯᠭ᠎ᠠ ᠶᠢ ᠠᠬᠢᠭᠤᠯᠤᠨ ᠬᠡᠷᠡᠭᠯᠡᠭᠡ ᠶᠢ ᠬᠥᠲᠥᠯᠥᠨ ᠵᠢᠯᠤᠭᠤᠳᠴᠤ᠂ ᠳᠣᠲᠣᠨᠣ ᠦᠢᠯᠡᠴᠢᠯᠡᠭᠡ ᠨᠢ ᠬᠥᠮᠥᠰ ᠤᠨ ᠰᠡᠳᠬᠢᠯ ᠢ  ᠳᠤᠯᠠᠭᠠᠴᠠᠭᠤᠯᠪᠠ᠃ ︽5.1︾  ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠬᠤᠳᠠ ︽5.1 ᠤ ᠪᠠᠶᠠᠷ ᠲᠠᠢ ᠪᠠᠷ ᠬᠤᠳᠠᠯᠳᠤᠨ ᠠᠪᠬᠤ︾ ᠪᠣᠷᠤᠯᠠᠭᠤᠯᠭ᠎ᠠ ᠶᠢ ᠠᠬᠢᠭᠤᠯᠬᠤ ᠤᠯᠠᠷᠢᠯ ᠤᠨ ᠠᠵᠢᠯᠯᠠᠭ᠎ᠠ ᠥᠷᠨᠢᠭᠦᠯᠵᠦ᠂ ᠬᠤᠳᠠ ᠶᠢᠨ ᠠᠷᠠᠳ᠂ ᠵᠢᠭᠤᠯᠴᠢᠯᠠᠭᠴᠢᠳ ᠵᠦᠩᠱᠠᠨ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ᠂  ᠬᠠᠶᠢᠯᠠᠷ ᠪᠠᠷᠠᠭᠤᠨ ᠵᠠᠮ ᠤᠨ ᠬᠤᠳᠠᠯᠳᠤᠭᠠᠨ ᠤ ᠲᠣᠭᠤᠷᠢᠭ᠂ ᠴᠢᠩᠭᠢᠰ ᠬᠠᠭᠠᠨ ᠪᠠᠷᠠᠭᠤᠨ ᠵᠡᠭᠡᠯᠢ ᠶᠢᠨ ᠬᠤᠳᠠᠯᠳᠤᠭᠠᠨ ᠤ ᠲᠣᠭᠤᠷᠢᠭ ᠲᠤ ᠬᠦᠷᠴᠦ ᠬᠠᠪᠤᠷ ᠤᠨ ᠬᠤᠪᠴᠠᠰᠤᠨ ᠤ ᠰᠢᠨ᠎ᠡ ᠪᠦᠲᠦᠭᠡᠭᠳᠡᠬᠦᠨ ᠤ ᠦᠨ᠎ᠡ ᠶᠢ ᠬᠢᠮᠳᠠᠷᠠᠭᠤᠯᠬᠤ᠂ ᠪᠠᠷᠠᠭ᠎ᠠ ᠬᠤᠳᠠᠯᠳᠤᠨ ᠠᠪᠬᠤ ᠳᠤ ᠴᠠᠭ ᠲᠤᠬᠠᠢ ᠳᠤᠨᠢ ᠱᠠᠩᠨᠠᠯ ᠰᠤᠭᠤᠯᠬᠤ᠂ ᠪᠠᠷᠠᠭ᠎ᠠ ᠬᠤᠳᠠᠯᠳᠤᠨ ᠠᠪᠬᠤ ᠳᠤ ᠪᠦᠷᠢᠨ ᠲᠣᠭᠠᠨ ᠤ ᠪᠢᠯᠧᠲ ᠪᠤᠴᠠᠭᠠᠬᠤ ᠵᠡᠷᠭᠡ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠳᠤ ᠣᠷᠣᠯᠴᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠮᠠᠨ ᠤ ᠬᠤᠲᠠ ᠪᠠᠰᠠ ᠣᠯᠠᠨ ᠵᠦᠢᠯ ᠤᠨ ᠳᠣᠲᠣᠨᠣ ᠦᠢᠯᠡᠴᠢᠯᠡᠭᠡ ᠭᠠᠷᠭᠠᠵᠤ᠂ ᠬᠥᠮᠥᠰ ᠤᠨ ᠰᠡᠳᠬᠢᠯ ᠢ ᠳᠤᠯᠠᠭᠠᠴᠠᠭᠤᠯᠵᠠᠢ᠃ ᠵᠢᠱᠢᠶᠡᠯᠡᠪᠡᠯ ᠨᠡᠶᠢᠲᠡ ᠶᠢᠨ ᠮᠠᠰᠢᠨ ᠲᠡᠷᠭᠡ 1 ᠲᠥᠭᠦᠷᠢᠭ ᠢᠶᠠᠷ ᠡᠯ᠎ᠡ ᠦᠵᠡᠮᠵᠢ ᠶᠢᠨ ᠣᠷᠣᠨ ᠢ ᠪᠦᠷᠬᠦᠨ᠎ᠡ︔ ᠬᠡᠰᠡᠭ ᠠᠶᠢᠯ ᠪᠠᠭᠤᠴᠠ ᠨᠢ ᠡᠪᠦᠯ ᠤᠨ ᠤᠯᠠᠷᠢᠯ ᠤᠨ ᠬᠢᠮᠳᠠ ᠤᠯᠠᠷᠢᠯ ᠤᠨ ᠦᠨ᠎ᠡ ᠶᠢ ᠬᠡᠪ ᠢᠶᠠᠷ ᠪᠠᠶᠢᠯᠭᠠᠬᠤ ᠮᠥᠷᠲᠡᠭᠡᠨ ᠭᠡᠷ ᠲᠦᠷᠢᠶᠡᠰᠦᠯᠡᠭᠴᠢ ᠣᠷᠣᠵᠤ ᠰᠠᠭᠤᠬᠤ ᠬᠤᠭᠤᠴᠠᠭᠠᠨ ᠳᠤ ᠪᠠᠰᠠ ᠠᠯᠢ ᠴᠢᠳᠠᠬᠤ ᠪᠠᠷ ᠡᠯ᠎ᠡ ᠵᠦᠢᠯ ᠤᠨ ᠬᠠᠪᠰᠤᠷᠤᠯᠭ᠎ᠠ ᠦᠵᠡᠭᠦᠯᠬᠦ ᠵᠡᠷᠭᠡ ᠪᠣᠯᠣᠨ᠎ᠠ᠃      ᠦᠯᠢᠭᠡᠷ ᠠᠪᠴᠤ ᠪᠠᠶᠢᠴᠠᠭᠠᠭᠰᠠᠨ ᠠᠴᠠ ᠦᠵᠡᠪᠡᠯ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠳᠤ ᠵᠢᠭᠤᠯᠴᠢᠯᠠᠬᠤ ᠪᠠᠷ ᠢᠷᠡᠭᠰᠡᠨ ᠵᠢᠭᠤᠯᠴᠢᠯᠠᠭᠴᠢᠳ ᠤᠨ ᠳᠣᠲᠣᠷ᠎ᠠ ᠣᠷᠣᠨ ᠤ ᠳᠣᠲᠣᠷᠠᠬᠢ ᠵᠢᠭᠤᠯᠴᠢᠯᠠᠭᠴᠢᠳ 68.61%   ᠶᠢ ᠡᠵᠡᠯᠡᠵᠦ᠂ ᠣᠷᠣᠨ ᠤ ᠭᠠᠳᠠᠨᠠᠬᠢ ᠵᠢᠭᠤᠯᠴᠢᠯᠠᠭᠴᠢᠳ 31.39%   ᠶᠢ ᠡᠵᠡᠯᠡᠵᠦ ᠪᠠᠶᠢᠨ᠎ᠠ᠃ ᠵᠤᠭᠠᠴᠠᠨ ᠲᠣᠭᠤᠷᠢᠬᠤ᠂ ᠰᠡᠯᠡᠭᠦᠴᠡᠬᠦ ᠪᠣᠯ ᠵᠢᠭᠤᠯᠴᠢᠯᠠᠭᠴᠢᠳ ᠤᠨ ᠵᠤᠭᠠᠴᠠᠨ ᠨᠠᠭᠠᠳᠬᠤ ᠶᠢᠨ ᠭᠤᠣᠯ ᠵᠣᠷᠢᠯᠭ᠎ᠠ ᠮᠥᠨ᠂ 45.22%   ᠢ ᠡᠵᠡᠯᠡᠨ᠎ᠡ᠂ ᠳᠠᠷᠠᠭᠠᠯᠠᠪᠠᠯ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ 24.21%   ᠶᠢ ᠡᠵᠡᠯᠡᠨ᠎ᠡ᠃ ᠡᠭᠦᠨ ᠠᠴᠠ ᠭᠠᠳᠠᠨ᠎ᠠ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠰᠣᠨᠢᠷᠬᠠᠯᠲᠤ ᠵᠦᠢᠯ ᠨᠢ ᠵᠢᠭᠤᠯᠴᠢᠯᠠᠭᠴᠢᠳ ᠤᠨ ᠠᠩᠬᠠᠷᠤᠯ ᠢ ᠬᠠᠮᠤᠭ ᠠᠴᠠ ᠢᠯᠡᠭᠦᠦ ᠲᠠᠲᠠᠵᠤ᠂ 33.38% ᠶᠢ ᠡᠵᠡᠯᠡᠵᠦ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1