| | | ︽5·1︾ ᠤ ᠠᠮᠠᠷᠠᠯᠲᠠ ᠶᠢᠨ ᠬᠤᠭᠤᠴᠠᠭᠠᠨ ᠳᠤ᠂ ᠴᠢᠩ ᠱᠦᠢ ᠾᠧ ᠰᠢᠶᠠᠨ ᠤ ᠡᠯ᠎ᠡ ᠶᠡᠭᠡ ᠦᠵᠡᠮᠵᠢ ᠶᠢᠨ | ᠲᠣᠭᠤᠷᠢᠭ ᠲᠤ ᠬᠥᠮᠥᠨ ᠤᠯᠠᠨ ᠴᠤᠭᠯᠠᠷᠠᠵᠤ᠂ ᠬᠥᠮᠥᠨ ᠤᠯᠠᠨ ᠴᠤᠭᠯᠠᠷᠠᠵᠤ᠂ ᠦᠵᠡᠮᠵᠢ ᠶᠢᠨ ᠲᠣᠭᠤᠷᠢᠭ ᠤᠨ | ᠡᠷᠬᠢᠨ ᠲᠣᠭᠤᠷᠢᠨ ᠤ ᠠᠷᠠᠳ ᠤᠨ ᠣᠷᠣᠨ ᠰᠠᠭᠤᠴᠠ᠂ ᠢᠳᠡᠭᠡᠨ ᠤᠮᠳᠠᠭᠠᠨ ᠤ ᠳᠡᠯᠭᠡᠭᠦᠷ᠂ ᠨᠤᠲᠤᠭ ᠤᠨ ᠣᠨᠴᠠ | ᠭᠠᠷᠤᠯᠲᠠ ᠶᠢᠨ ᠪᠣᠷᠤᠯᠠᠭᠤᠯᠭ᠎ᠠ ᠴᠤ ᠬᠥᠭᠵᠢᠶᠡᠨᠲᠡᠢ ᠶᠠᠪᠤᠭᠳᠠᠵᠤ᠂ ᠬᠥᠭᠵᠢᠶᠡᠨ ᠨᠠᠷᠭᠢᠶᠠᠨ ᠲᠠᠢ ᠪᠠᠶᠢᠳᠠᠯ ᠢᠯᠡᠷᠡᠵᠡᠢ᠃ | ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ︽5.1︾ ᠤ ᠬᠤᠭᠤᠴᠠᠭᠠᠨ ᠳᠤ᠂ ᠪᠥᠬᠦ ᠰᠢᠶᠠᠨ ᠢᠶᠠᠷ ᠢᠶᠠᠨ | ᠵᠤᠭᠠᠴᠠᠭᠰᠠᠳ ᠢ ᠨᠡᠶᠢᠲᠡ 7.92 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠶᠡᠷᠦᠩᠬᠡᠶᠢᠯᠡᠭᠰᠡᠨ | ᠵᠤᠭᠠᠴᠠᠯ ᠤᠨ ᠣᠷᠣᠯᠭ᠎ᠠ ᠶᠢ 2775 ᠲᠦᠮᠡᠨ ᠲᠥᠭᠦᠷᠢᠭ ᠪᠡᠶᠡᠯᠡᠭᠦᠯᠪᠡ᠂ ᠡᠭᠦᠨ ᠳᠤ᠂ ᠯᠣᠣ ᠨᠢᠦ ᠸᠠᠨ ᠤ ᠬᠠᠲᠤᠨ | ᠭᠤᠣᠯ ᠤᠨ ᠶᠡᠭᠡ ᠬᠠᠪᠴᠢᠯ ᠤᠨ ᠵᠤᠭᠠᠴᠠᠯ ᠤᠨ ᠣᠷᠣᠨ ᠤ ᠵᠤᠭᠠᠴᠠᠭᠰᠠᠳ ᠢ 4.17 ᠲᠦᠮᠡᠨ ᠬᠥᠮᠥᠨ ᠤᠳᠠᠭ᠎ᠠ | ᠭᠥᠯᠢᠶᠡᠨ ᠠᠪᠴᠤ᠂ ᠵᠤᠭᠠᠴᠠᠯ ᠤᠨ ᠣᠷᠣᠯᠭ᠎ᠠ ᠶᠢ 1459 ᠲᠦᠮᠡᠨ ᠲᠥᠭᠦᠷᠢᠭ ᠭᠥᠯᠢᠶᠡᠨ ᠠᠪᠴᠠᠢ᠃ | | | | | ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ᠂ ᠲᠠᠩᠰᠤᠭ ᠰᠠᠶᠢᠬᠠᠨ ᠰᠣᠶᠣᠯ ᠤᠨ ᠵᠢᠭᠤᠯᠴᠢᠯᠠᠯ ᠤᠨ | ᠠᠵᠢᠯᠯᠠᠭ᠎ᠠ ᠨᠢ ᠵᠢᠭᠤᠯᠴᠢᠯᠠᠭᠴᠢᠳ ᠲᠤ ᠥᠪᠡᠷᠮᠢᠴᠡ ᠣᠨᠴᠠᠯᠢᠭ ᠪᠦᠬᠦᠢ ᠵᠢᠭᠤᠯᠴᠢᠯᠠᠯ ᠤᠨ ᠣᠶᠢᠯᠠᠭᠠᠯᠲᠠ ᠬᠠᠩᠭᠠᠨ᠎ᠠ | ᠃ ᠯᠣᠣ ᠨᠢᠦ ᠸᠠᠨ ᠤ ᠬᠠᠲᠤᠨ ᠭᠤᠣᠯ ᠤᠨ ᠶᠡᠭᠡ ᠬᠠᠪᠴᠢᠯ ᠤᠨ ᠵᠤᠭᠠᠴᠠᠯ ᠤᠨ ᠲᠣᠭᠤᠷᠢᠭ ᠲᠤ᠂ ᠭᠤᠣᠯ ᠰᠡᠳᠦᠪᠲᠦ | ᠪᠣᠳᠠᠲᠤ ᠦᠵᠡᠮᠵᠢ ᠶᠢᠨ ᠲᠣᠭᠯᠠᠯᠲᠠ ᠶᠢ ᠭᠠᠷᠭᠠᠵᠤ᠂ ᠲᠣᠭᠯᠠᠯᠲᠠ ᠶᠢᠨ ᠵᠦᠴᠦᠭᠡ ᠳᠤ ︽ᠭᠦᠩᠵᠦ ᠶᠢᠨ ᠰᠡᠦᠬᠡᠨ ᠠᠴᠠ | ᠪᠠᠭᠤᠬᠤ︾᠂︽ᠸᠠᠭᠠᠷ ᠱᠠᠭᠠᠵᠠᠩ ᠤᠨ ᠵᠥᠭᠡᠭᠡᠪᠦᠷᠢ︾᠂︽ᠨᠢᠯᠪᠤᠰᠤ ᠠᠰᠬᠠᠷᠠᠭᠤᠯᠤᠨ ᠰᠠᠯᠬᠤ︾ᠵᠡᠷᠭᠡ ᠭᠤᠷᠪᠠᠨ ᠪᠦᠯᠦᠭ ᠢ | ᠪᠠᠭᠲᠠᠭᠠᠵᠤ᠂ ᠵᠤᠭᠠᠴᠠᠭᠰᠠᠳ ᠤᠨ ᠲᠣᠭᠯᠠᠯᠲᠠ ᠳᠤ ᠰᠢᠭᠤᠳ ᠣᠷᠣᠯᠴᠠᠬᠤ ᠪᠠ ᠬᠠᠷᠢᠯᠴᠠᠨ ᠬᠥᠳᠡᠯᠦᠯᠴᠡᠬᠦ ᠵᠡᠷᠭᠡ | ᠬᠡᠯᠪᠡᠷᠢ ᠪᠠᠷ ᠵᠤᠭᠠᠴᠠᠭᠰᠠᠳ ᠢ ᠦᠵᠡᠮᠵᠢ ᠶᠢᠨ ᠣᠷᠣᠨ ᠤ ᠣᠨᠴᠠᠯᠢᠭᠲᠤ ᠰᠣᠶᠣᠯ ᠳᠤ ᠦᠨᠡᠨᠬᠦ ᠠᠭᠤᠰᠤᠯᠴᠠᠭᠤᠯᠵᠤ᠂ | ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ᠂ ᠸᠠᠭᠠᠷ ᠱᠠᠭᠠᠵᠠᠩ ᠤᠨ ᠤᠷ᠎ᠠ ᠮᠡᠷᠭᠡᠵᠢᠯ ᠵᠡᠷᠭᠡ | ᠰᠣᠶᠣᠯ ᠤᠨ ᠷᠢᠳᠢ ᠰᠢᠳᠢ ᠶᠢ ᠦᠨᠡᠨᠬᠦ ᠮᠡᠳᠡᠷᠡᠭᠦᠯᠪᠡ᠃ ᠴᠢᠩ ᠱᠦᠢ ᠾᠧ ᠮᠦᠽᠧᠢ︽5·1︾ ᠤ ᠬᠤᠭᠤᠴᠠᠭᠠᠨ ᠳᠤ | ᠱᠠᠭᠠᠵᠠᠩ ᠵᠢᠷᠤᠭ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠥᠷᠨᠢᠭᠦᠯᠵᠦ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ | ᠪᠠ ᠵᠤᠭᠠᠴᠠᠭᠰᠠᠳ ᠤᠨ ᠭᠠᠷ ᠢᠶᠠᠷ ᠵᠢᠷᠤᠭᠰᠠᠨ ᠱᠠᠭᠠᠵᠠᠩ ᠰᠠᠪᠠ ᠵᠡᠷᠭᠡ ᠠᠷᠭ᠎ᠠ ᠬᠡᠯᠪᠡᠷᠢ ᠪᠠᠷ ᠪᠣᠳᠠᠰ ᠤᠨ ᠪᠤᠰᠤ | ᠰᠣᠶᠣᠯ ᠤᠨ ᠥᠪ ᠤᠨ ᠷᠢᠳᠢ ᠰᠢᠳᠢ ᠶᠢ ᠤᠯᠠᠮ ᠴᠢᠨᠠᠭᠰᠢᠳᠠ ᠤᠬᠠᠭᠤᠯᠵᠤ ᠳᠡᠯᠭᠡᠨ ᠦᠵᠡᠭᠦᠯᠪᠡ᠃ | | | | | ︽5·1︾ ᠤ ᠬᠤᠭᠤᠴᠠᠭᠠᠨ ᠳᠤ᠂ ᠴᠢᠩ ᠱᠦᠢ ᠾᠧ ᠰᠢᠶᠠᠨ ᠤ ᠡᠯ᠎ᠡ ᠬᠤᠯᠪᠣᠭᠳᠠᠯ ᠪᠦᠬᠦᠢ ᠡᠭᠦᠷᠭᠡ | ᠴᠢᠳᠠᠪᠬᠢᠲᠤ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠦᠴᠦ ᠪᠠᠨ | ᠬᠠᠮᠲᠤᠳᠬᠠᠨ ᠬᠠᠮᠵᠢᠯᠴᠠᠵᠤ᠂ ᠰᠢᠶᠠᠨ ᠤ ᠬᠡᠪᠴᠢᠶᠡᠨ ᠳᠠᠬᠢ ᠡᠯ᠎ᠡ ᠦᠵᠡᠮᠵᠢ ᠶᠢᠨ ᠣᠷᠣᠨ ᠦᠵᠡᠮᠵᠢ ᠶᠢᠨ ᠣᠷᠣᠨ ᠤ | ᠠᠮᠤᠷ ᠲᠦᠪᠰᠢᠨ ᠡᠮᠬᠢ ᠳᠢᠭᠯᠢᠮ ᠲᠠᠢ ᠠᠵᠢᠯᠯᠠᠬᠤ ᠶᠢ ᠪᠠᠲᠤᠯᠠᠪᠠ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠶᠢᠨ ︽ᠦᠵᠡᠮᠵᠢ︾ ︽ᠴᠠᠭᠳᠠᠭ᠎ᠠ︾ ᠶᠢ ᠠᠭᠤᠰᠤᠯᠴᠠᠭᠤᠯᠤᠨ᠂ ᠵᠤᠭᠠᠴᠠᠭᠰᠠᠳ ᠤᠨ ᠠᠮᠤᠷ | ᠲᠦᠪᠰᠢᠨ ᠢᠶᠠᠷ ᠭᠠᠳᠠᠭᠰᠢ ᠭᠠᠷᠬᠤ ᠶᠢ ᠦᠨᠡᠨᠬᠦ ᠪᠠᠲᠤᠯᠠᠪᠠ︔ ︽ᠤᠯᠠᠭᠠᠨ ᠬᠤᠶᠠᠭ︾ ᠤᠨ ᠰᠠᠶᠢᠨ ᠳᠤᠷ᠎ᠠ ᠶᠢᠨ | ᠠᠵᠢᠯᠯᠠᠭᠴᠢ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠵᠤᠭᠠᠴᠠᠭᠴᠢ ᠨᠢᠭᠡᠪᠦᠷᠢ ᠳᠤ ᠬᠠᠯᠠᠭᠤᠮᠰᠤᠭ ᠢᠶᠠᠷ | ᠦᠢᠯᠡᠴᠢᠯᠡᠵᠦ᠂ ᠪᠣᠯᠪᠠᠰᠤᠨ ᠵᠤᠭᠠᠴᠠᠯ ᠤᠨ ᠨᠡᠶᠢᠭᠡᠮ ᠤᠨ ᠬᠡᠪ ᠰᠤᠷᠲᠠᠯ ᠢ ᠤᠯᠠᠮᠵᠢᠯᠠᠪᠠ︔ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠢ | ᠡᠮᠨᠡᠯᠭᠡ ᠶᠢᠨ ᠠᠵᠢᠯᠲᠠᠳ ᠦᠵᠡᠮᠵᠢ ᠶᠢᠨ ᠣᠷᠣᠨ ᠦᠵᠡᠮᠵᠢ ᠶᠢᠨ ᠣᠷᠣᠨ ᠨᠢᠭᠡᠪᠦᠷᠢ ᠳᠤ ᠦᠢᠯᠡᠴᠢᠯᠡᠨ᠎ᠡ ᠁ | ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠠᠵᠢᠯᠯᠠᠭ᠎ᠠ ᠪᠠᠷ ᠢᠶᠠᠨ ᠴᠢᠩ ᠱᠦᠢ ᠾᠧ ᠰᠢᠶᠠᠨ ᠤ ᠬᠠᠯᠠᠭᠤᠨ | ᠳᠤᠯᠠᠭᠠᠨ᠂ ᠪᠣᠯᠪᠠᠰᠤᠨ ᠵᠤᠭᠠᠴᠠᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠪᠠ᠃ | | | | | ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ ︽ᠰᠣᠶᠣᠯ ᠵᠤᠭᠠᠴᠠᠯ ᠤᠨ ᠰᠢᠯᠢᠳᠡᠭ ᠰᠢᠶᠠᠨ ᠤ | ᠵᠤᠭᠠᠴᠠᠯ ᠤᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠡᠢ᠃ ᠯᠣᠣ ᠨᠢᠦ ᠸᠠᠨ ᠤ ᠬᠠᠲᠤᠨ ᠭᠤᠣᠯ ᠤᠨ ᠶᠡᠭᠡ | ᠬᠠᠪᠴᠢᠯ ᠢ ᠪᠦᠬᠦ ᠬᠦᠴᠦᠨ ᠢᠶᠠᠷ ᠢᠶᠠᠨ ᠣᠷᠣᠨ ᠤ ᠲᠥᠪ ᠤᠨ ᠠᠩᠬᠠᠳᠠᠭᠴᠢ 5A ᠳᠡᠰ ᠤᠨ ᠦᠵᠡᠮᠵᠢ ᠶᠢᠨ ᠣᠷᠣᠨ | ᠪᠣᠯᠭᠠᠨ ᠪᠠᠶᠢᠭᠤᠯᠵᠤ᠂ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠬᠠᠲᠤᠨ ᠭᠤᠣᠯ ᠤᠨ ᠬᠠᠪᠴᠢᠯ ᠤᠨ ᠠᠮᠢ ᠠᠬᠤᠢ ᠶᠢᠨ ᠵᠢᠭᠤᠯᠴᠢᠯᠠᠯ᠂ | ᠣᠷᠳᠣ ᠴᠠᠭᠠᠨ ᠬᠡᠷᠡᠮ ᠤᠨ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠵᠢᠭᠤᠯᠴᠢᠯᠠᠯ᠂ | ᠡᠷᠲᠡᠨ ᠤ ᠲᠣᠰᠬᠤᠨ ᠨᠠᠷᠠᠲᠤ ᠪᠠᠯᠭᠠᠰᠤ ᠶᠢ ᠰᠤᠷᠪᠤᠯᠵᠢᠯᠠᠬᠤ ᠵᠢᠭᠤᠯᠴᠢᠯᠠᠯ᠂ ᠤᠯᠠᠮᠵᠢᠯᠠᠯᠲᠤ ᠰᠣᠶᠣᠯ ᠢ ᠣᠶᠢᠯᠠᠭᠠᠬᠤ | ᠵᠢᠭᠤᠯᠴᠢᠯᠠᠯ᠂ ᠰᠡᠯᠡᠭᠦᠴᠡᠨ ᠵᠤᠭᠠᠴᠠᠬᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠵᠡᠷᠭᠡ 5 ᠵᠤᠷᠪᠤᠰ | ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ ᠲᠠᠰᠤᠷᠠᠯᠲᠠ ᠦᠭᠡᠢ ᠪᠠᠶᠠᠯᠢᠭᠵᠢᠭᠤᠯᠤᠨ ᠳᠡᠭᠡᠭᠰᠢᠯᠡᠭᠦᠯᠵᠦ᠂ 5A | ᠲᠠᠰ ᠤᠨ ᠦᠵᠡᠮᠵᠢ ᠶᠢᠨ ᠣᠷᠣᠨ ᠢᠶᠠᠷ ᠤᠳᠤᠷᠢᠳᠤᠮᠵᠢ ᠪᠣᠯᠭᠠᠭᠰᠠᠨ᠂ ᠲᠠᠷᠢᠶᠠᠯᠠᠩ ᠰᠣᠶᠣᠯ ᠵᠢᠭᠤᠯᠴᠢᠯᠠᠯ ᠢ | ᠠᠭᠤᠰᠤᠯᠴᠠᠭᠤᠯᠬᠤ ᠪᠠᠷ ᠣᠨᠴᠠᠯᠢᠭ ᠪᠣᠯᠭᠠᠭᠰᠠᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ | ᠪᠠᠶᠢᠷᠢᠰᠢᠯ ᠢ ᠪᠣᠶ ᠪᠣᠯᠭᠠᠬᠤ ᠪᠣᠯᠣᠨ᠎ᠠ᠃ 2024 ᠣᠨ ᠤ 1 ︱ 4 ᠳ᠋ᠦ᠋ᠭᠡᠷ ᠰᠠᠷ᠎ᠠ ᠳᠤ ᠪᠥᠬᠦ ᠰᠢᠶᠠᠨ ᠢᠶᠠᠷ ᠢᠶᠠᠨ | 31.22 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1 ᠳ᠋ᠦᠩᠰᠢᠭᠤᠷ | ᠲᠥᠭᠦᠷᠢᠭ ᠢ ᠳᠠᠪᠠᠪᠠ᠃ |