︵ᠰᠤᠷᠪᠤᠯᠵᠢᠯᠠᠭᠴᠢ ᠰᠦᠩ ᠰᠢᠶᠠᠩ ᠬᠤᠸᠠ︶ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ | ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 67184.55 ᠲᠦᠮᠡᠨ ᠲᠥᠭᠦᠷᠢᠭ ᠤᠨ | ᠨᠥᠬᠦᠪᠥᠷᠢ ᠮᠥᠩᠭᠦ ᠤᠯᠭᠤᠪᠠ᠂ ᠡᠭᠦᠨ ᠳᠤ ᠲᠠᠷᠢᠶᠠᠴᠢᠳ ᠤᠨ ᠨᠥᠬᠦᠪᠥᠷᠢ ᠪᠡᠯᠡ ᠮᠥᠩᠭᠦ 62770.64 ᠲᠦᠮᠡᠨ | ᠲᠥᠭᠦᠷᠢᠭ᠂ 93.43% ᠶᠢ ᠡᠵᠡᠯᠡᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠪᠡᠯᠡ | ᠮᠥᠩᠭᠦ 4413.92 ᠲᠦᠮᠡᠨ ᠲᠥᠭᠦᠷᠢᠭ᠂ 6.57% ᠶᠢ ᠡᠵᠡᠯᠡᠨ᠎ᠡ᠃ ᠨᠥᠬᠦᠪᠥᠷᠢ ᠮᠥᠩᠭᠦ ᠤᠯᠭᠤᠭᠰᠠᠨ | ᠲᠦᠷᠦᠯ ᠵᠦᠢᠯ ᠨᠢ ᠨᠡᠶᠢᠲᠡ 8 ᠬᠦᠷᠢᠶᠡᠨ ᠤ 48 ᠲᠥᠷᠥᠯ 57 ᠵᠦᠢᠯ ᠢ ᠬᠠᠮᠤᠷᠠᠪᠠ᠃ | ᠣᠯᠭᠤᠭᠰᠠᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ᠳᠣᠲᠣᠷ᠎ᠠ᠂ ᠣᠯᠭᠤᠭᠰᠠᠨ | ᠵᠣᠭᠤᠰ ᠤᠨ ᠲᠤᠭ᠎ᠠ ᠨᠢ ᠨᠡᠯᠢᠶᠡᠳ ᠶᠡᠭᠡ ᠳᠤ ᠭᠤᠤᠯᠳᠠᠭᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ | ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ᠂ | ᠪᠥᠲᠥᠭᠡᠨ ᠪᠠᠶᠢᠭᠤᠯᠤᠯᠲᠠ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ ᠲᠥᠷᠥᠯ ᠤᠨ | ᠨᠥᠬᠦᠪᠥᠷᠢ ᠶᠢᠨ ᠪᠠᠯᠠ ᠮᠥᠩᠭᠦ ᠪᠠᠭᠲᠠᠨ᠎ᠠ᠃ ᠡᠭᠦᠨ ᠳᠤ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ | ᠨᠥᠬᠦᠪᠥᠷᠢ ᠶᠢᠨ ᠪᠡᠯᠡ ᠮᠥᠩᠭᠦ 45193.48 ᠲᠦᠮᠡᠨ ᠲᠥᠭᠦᠷᠢᠭ᠂ 67.27% ᠶᠢ ᠡᠵᠡᠯᠡᠨ᠎ᠡ︔ ᠲᠠᠷᠢᠶᠠᠯᠠᠩ | ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ ᠶᠢᠨ ᠪᠡᠯᠡ ᠮᠥᠩᠭᠦ 6952.48 ᠲᠦᠮᠡᠨ ᠲᠥᠭᠦᠷᠢᠭ᠂ 10. | 35% ᠶᠢ ᠡᠵᠡᠯᠡᠨ᠎ᠡ︔ ᠣᠶ ᠰᠢᠭᠤᠶ ᠶᠢᠨ ᠲᠥᠷᠥᠯ ᠤᠨ ᠨᠥᠬᠦᠪᠥᠷᠢ ᠶᠢᠨ ᠪᠡᠯᠡ ᠮᠥᠩᠭᠦ 4773.04 ᠲᠦᠮᠡᠨ | ᠲᠥᠭᠦᠷᠢᠭ᠂ 7.1% ᠶᠢ ᠡᠵᠡᠯᠡᠨ᠎ᠡ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠳᠤ 3613.27 | ᠲᠦᠮᠡᠨ ᠲᠥᠭᠦᠷᠢᠭ᠂ 5.38% ᠶᠢ ᠡᠵᠡᠯᠡᠨ᠎ᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠶᠢᠨ | ᠪᠡᠯᠡ ᠮᠥᠩᠭᠦ 3392.69 ᠲᠦᠮᠡᠨ ᠲᠥᠭᠦᠷᠢᠭ᠂ 5.05% ᠶᠢ ᠡᠵᠡᠯᠡᠨ᠎ᠡ᠃ |