ᠴᠢᠩ ᠱᠦᠢ ᠾᠧ ᠰᠢᠶᠠᠨ᠄ ᠪᠣᠬᠢᠷᠲᠤᠯ ᠦᠭᠡᠢ ᠬᠥᠭᠵᠢᠯᠲᠡ ᠶᠢ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠥᠩᠭᠡ ᠪᠣᠯᠭᠠᠨ᠎ᠠ
ᠨᠡᠶᠢᠲᠡᠯᠡᠭᠰᠡᠨ ᠴᠠᠭ᠄
2024/6/13
     ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠡᠭᠦᠷᠢᠳᠡ ᠠᠰᠢᠭ ᠲᠤᠰᠠ ᠲᠠᠢ ᠦᠢᠯᠡᠰ ᠮᠥᠨ᠃ ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠶᠢᠨ ︽ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ︾︽ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠭᠤᠭᠠᠨ ᠴᠠᠭᠠᠨ ᠬᠡᠷᠡᠮ ᠢ ᠴᠣᠭᠴᠠᠯᠠᠨ ᠪᠠᠶᠢᠭᠤᠯᠬᠤ︾ᠨᠠᠨᠳᠢᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠭᠰᠡᠭᠡᠷ ᠢᠷᠡᠵᠠᠢ᠃ ᠪᠦᠬᠦ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠴᠢᠩ ᠱᠦᠢ ᠾᠧ ᠰᠢᠶᠠᠨ ᠤ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠬᠦ᠂ ᠠᠭᠤᠯᠠᠨ ᠬᠤᠳᠠ ᠶᠢᠨ ᠰᠠᠭᠤᠷᠢ ᠥᠩᠭᠡ ᠶᠢ ᠰᠠᠶᠢᠲᠤᠷ ᠰᠠᠬᠢᠬᠤ ᠪᠠᠷ ᠴᠢᠬᠤᠯᠠ ᠭᠠᠷᠳᠠᠴᠠ ᠪᠣᠯᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠢᠯᠡᠳᠦᠯᠭᠡᠵᠢᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠪᠠ᠃      ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠴᠢᠩ ᠱᠦᠢ ᠾᠧ ᠰᠢᠶᠠᠨ ᠤ ᠬᠢᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠢᠩ ᠱᠦᠢ ᠾᠧ ᠰᠢᠶᠠᠨ ᠤ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠠᠵᠢᠯ ᠤᠨ ᠳᠤᠭᠤᠶᠢᠯᠠᠩ ᠢ ᠪᠠᠶᠢᠭᠤᠯᠵᠤ᠂ ᠲᠤᠰᠬᠠᠢ ᠵᠦᠢᠯ ᠤᠨ ᠳᠤᠭᠤᠶᠢᠯᠠᠩ ᠤᠨ ᠠᠵᠢᠯ ᠢ ᠠᠬᠢᠭᠤᠯᠬᠤ ᠲᠣᠭᠲᠠᠴᠠ᠂ ᠠᠯᠪᠠᠨ ᠭᠡᠷ ᠤᠨ ᠬᠡᠷᠡᠭ ᠵᠥᠪᠯᠡᠬᠦ ᠳᠦᠷᠢᠮ ᠢ ᠪᠠᠶᠢᠭᠤᠯᠵᠤ᠂ ︽ᠴᠢᠩ ᠱᠦᠢ ᠾᠧ ᠰᠢᠶᠠᠨ ᠤ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠵᠢᠴᠢ ᠬᠢᠨᠠᠨ ᠰᠢᠯᠭᠠᠵᠤ ᠦᠨᠡᠯᠡᠬᠦ ᠨᠠᠷᠢᠨ ᠳᠦᠷᠢᠮ︾ ᠢ ᠲᠣᠭᠲᠠᠭᠠᠵᠤ᠂ ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ ᠮᠡᠳᠡᠭᠡᠯᠡᠯ᠂ ᠵᠢᠯ ᠤᠨ ᠳ᠋ᠦᠩᠨᠡᠯᠲᠡ ᠶᠢᠨ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠲᠤᠰᠬᠠᠢ ᠳᠤᠭᠤᠶᠢᠯᠠᠩ ᠤᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠤᠳᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠯᠠᠪᠳᠠᠭᠤᠨ ᠢᠶᠠᠷ ᠠᠬᠢᠭᠤᠯᠪᠠ᠃      ᠰᠠᠯᠠᠭ᠎ᠠ ᠮᠥᠴᠢᠷ ᠤᠨ ᠬᠢᠨ ᠬᠠᠮᠵᠢᠯᠴᠠᠨ ᠬᠦᠴᠦᠯᠡᠪᠡ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠤᠢ ᠰᠢᠭᠤᠢ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠴᠠᠭ ᠠᠭᠤᠷ ᠵᠡᠷᠭᠡ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠲᠥᠪᠯᠡᠷᠡᠭᠦᠯᠦᠨ ᠬᠠᠮᠲᠤᠪᠠᠷ ᠡᠳ᠋ᠯᠡᠵᠦ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠠᠪᠲᠠᠷᠡᠭᠦᠯᠵᠦ᠂ ᠪᠦᠬᠦ ᠰᠢᠶᠠᠨ ᠤ ᠨᠢᠭᠡᠳᠦᠯᠲᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠯᠲᠡ ᠶᠢᠨ ᠰᠢᠰᠲ᠋ᠧᠮ ᠢ ᠪᠠᠶᠢᠭᠤᠯᠵᠤ᠂ ᠪᠦᠬᠦᠨ ᠢ ᠬᠠᠮᠤᠷᠤᠭᠰᠠᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠣᠷ ᠢ ᠪᠠᠶᠢᠭᠤᠯᠵᠤ᠂ ᠰᠠᠯᠠᠭ᠎ᠠ ᠮᠥᠴᠢᠷ ᠬᠠᠮᠵᠢᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠪᠠ᠃      ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠴᠢᠩᠭᠠᠳᠬᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠲᠣᠭᠤᠷᠢᠨ ᠪᠠᠶᠢᠴᠠᠭᠠᠬᠤ᠂ ᠬᠢᠨᠠᠨ ᠪᠤᠳᠤᠬᠤ ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠬᠠᠮᠵᠢᠯᠴᠠᠭ᠎ᠠ ᠬᠠᠮᠵᠢᠯᠴᠠᠭ᠎ᠠ ᠶᠢ ᠢᠳᠡᠪᠬᠢᠲᠡᠢ ᠠᠬᠢᠭᠤᠯᠵᠤ᠂ ᠭᠤᠣᠯᠳᠠᠯᠭ᠎ᠠ ᠲᠠᠢ ᠣᠷᠴᠢᠨ ᠲᠣᠭᠤᠷᠢᠨ ᠤ ᠠᠰᠠᠭᠤᠳᠠᠯ ᠪᠠ ᠴᠢᠬᠤᠯᠠ ᠶᠡᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠦᠢᠯᠡᠰ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠰᠠᠬᠢᠯᠭ᠎ᠠ ᠪᠠᠲᠤ ᠪᠠᠷ ᠬᠢᠨᠠᠯᠲᠠ ᠲᠠᠯᠪᠢᠬᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠵᠡᠷᠭᠡ ᠳᠤ ᠣᠷᠣᠭᠤᠯᠵᠤ᠂ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠬᠤ ᠠᠭᠤᠯᠭ᠎ᠠ ᠳᠤ ᠣᠷᠣᠭᠤᠯᠤᠨ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠦᠨᠡᠨᠬᠦ ᠪᠦᠷᠢᠯᠳᠦᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠨᠠᠶᠢᠳᠠᠪᠤᠷᠢᠵᠢᠭᠤᠯᠪᠠ᠃      ︽ᠭᠤᠷᠪᠠᠨ ᠶᠡᠭᠡ ᠬᠠᠮᠠᠭᠠᠯᠠᠯᠲᠠ ᠶᠢᠨ ᠲᠠᠶᠢᠨ︾ ᠢ ᠭᠦᠨᠵᠡᠭᠡᠢ ᠲᠦᠯᠬᠢᠨ ᠠᠬᠢᠭᠤᠯᠪᠠ᠃ ᠨᠡᠭᠦᠷᠡᠰᠦ ᠰᠢᠲᠠᠭᠠᠬᠤ᠂ ᠠᠵᠤ ᠦᠢᠯᠡᠳᠪᠦᠷᠢ᠂ ᠮᠠᠰᠢᠨᠲᠤ ᠲᠡᠷᠭᠡ᠂ ᠳᠡᠭᠳᠡᠮᠡᠯ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠢ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 83.3% ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠪᠠ᠃ ︽ᠭᠤᠣᠯ ᠤᠨ ᠳᠠᠷᠤᠭ᠎ᠠ ᠶᠢᠨ ᠳᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤᠨ ᠤ ᠠᠮᠢ ᠠᠬᠤᠢ ᠪᠠ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠤ᠂ ᠤᠯᠤᠰ ᠠᠴᠠ ᠡᠵᠡᠮᠳᠡᠬᠦ 3 ᠣᠭᠲᠣᠯᠣᠭᠠᠰᠤ ᠶᠢᠨ ᠤᠰᠤᠨ ᠤ ᠴᠢᠨᠠᠷ ᠢ ᠪᠦᠬᠦᠨ ᠢ ᠪᠠᠷᠢᠮᠵᠢᠶ᠎ᠠ ᠳᠤ ᠬᠦᠷᠦᠭᠦᠯᠵᠦ᠂ ᠰᠢᠯᠢᠳᠡᠭ ᠤᠰᠤᠨ ᠴᠣᠭᠴᠠ ᠶᠢᠨ ᠬᠠᠷᠢᠴᠠᠯ ᠢ 100% ᠳᠤ ᠬᠦᠷᠦᠭᠦᠯᠪᠡ᠃ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠰᠥᠭᠡᠷᠭᠦ ᠨᠡᠮᠡᠭᠳᠡᠯ ᠲᠠᠢ ᠪᠣᠯᠭᠠᠵᠤ᠂ ᠰᠦᠯᠢᠶᠥᠦ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ ᠶᠢ 85% ᠳᠤ ᠬᠦᠷᠦᠭᠦᠯᠵᠦ᠂ ᠲᠠᠷᠢᠮᠠᠯ ᠤᠨ ᠡᠰᠢ ᠰᠦᠷᠡᠯ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 92% ᠲᠤ ᠬᠦᠷᠦᠭᠦᠯᠵᠦ᠂ ᠨᠡᠭᠡᠭᠡᠨ ᠮᠠᠯᠲᠠᠬᠤ ᠳᠤ ᠡᠪᠳᠡᠭᠳᠡᠭᠰᠡᠨ ᠣᠷᠣᠨ ᠪᠦᠰᠡ ᠶᠢ 8.64 ᠾᠧᠺᠲ᠋ᠠᠷ ᠰᠡᠷᠭᠦᠭᠡᠨ ᠵᠠᠰᠠᠵᠤ᠂ ᠴᠢᠩ ᠱᠦᠢ ᠾᠧ ᠶᠢᠨ ᠲᠡᠭᠷᠢ ᠨᠢ ᠨᠠᠩ ᠴᠡᠯᠮᠡᠭ᠂ ᠤᠰᠤ ᠨᠢ ᠨᠠᠩ ᠲᠤᠩᠭᠠᠯᠠᠭ᠂ ᠠᠭᠤᠯᠠ ᠨᠢ ᠨᠠᠩ ᠨᠣᠭᠤᠭᠠᠨ᠂ ᠬᠥᠮᠥᠨ ᠬᠢᠭᠡᠳ ᠪᠠᠶᠢᠭᠠᠯᠢ ᠨᠢ ᠨᠠᠩ ᠡᠶ᠎ᠡ ᠵᠣᠬᠢᠴᠠᠯ ᠲᠠᠢ ᠪᠣᠯᠪᠠ᠃      ᠴᠢᠩ ᠱᠦᠢ ᠾᠧ ᠰᠢᠶᠠᠨ ᠤ ᠬᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂︽ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠪᠠᠷ ᠭᠠᠷᠳᠠᠴᠠ ᠪᠣᠯᠭᠠᠨ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠠᠵᠢᠯ ᠢ︽ᠶᠡᠭᠡ ᠠᠮᠢ ᠠᠬᠤᠢ︾ᠲᠡᠰᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠵᠤ᠂ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ︽ᠴᠢᠩ ᠱᠦᠢ ᠾᠧ ᠶᠢᠨ ᠵᠢᠭᠰᠠᠭᠠᠯ ᠤᠨ ᠭᠠᠵᠠᠷ︾  ᠢ ᠪᠠᠲᠤ ᠰᠠᠬᠢᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1