6 ᠳ᠋ᠤᠭᠠᠷ ᠰᠠᠷ᠎ᠠ ᠶᠢᠨ 13 ᠤ ᠡᠳᠦᠷ᠂ ᠴᠢᠩ ᠱᠦᠢ ᠾᠧ ᠰᠢᠶᠠᠨ ᠤ ᠠᠯᠪᠠᠨ ᠴᠡᠷᠢᠭ ᠵᠠᠩ ᠴᠢᠩ | ᠡᠬᠡᠨᠡᠷ ᠲᠠᠢ ᠪᠠᠨ ᠬᠤᠷᠢᠮ ᠤᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠴᠢᠩ ᠱᠦᠢ ᠾᠧ ᠰᠢᠶᠠᠨ ᠤ ᠠᠷᠠᠳ ᠤᠨ | ᠵᠡᠪᠰᠡᠭᠲᠦ ᠬᠦᠴᠦᠨ ᠤ ᠬᠡᠯᠲᠡᠰ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶ᠎ᠠ ᠶᠢᠨ | ᠬᠠᠮᠲᠤ ᠪᠠᠷ ᠬᠦᠷᠭᠡᠵᠦ ᠢᠷᠡᠭᠰᠡᠨ ᠣᠨᠴᠠᠭᠠᠢ ︽ᠪᠠᠶᠠᠷ ᠤᠨ ᠪᠡᠯᠡᠭ︾︱ ᠵᠠᠩ ᠴᠢᠩ ᠴᠡᠷᠢᠭ ᠠᠩᠭᠢ ᠳᠠᠭᠠᠨ | ︽ᠭᠤᠷᠪᠠᠳᠤᠭᠠᠷ ᠳᠡᠰ ᠤᠨ ᠭᠠᠪᠢᠶ᠎ᠠ︾ᠪᠠᠶᠢᠭᠤᠯᠤᠭᠰᠠᠨ ᠪᠠᠶᠠᠷ ᠤᠨ ᠮᠡᠳᠡᠭᠡ ᠶᠢ ᠲᠤᠰᠴᠠᠢ᠃ ᠡᠨᠡ ᠬᠦ ᠰᠡᠳᠬᠢᠯ | ᠳᠤᠯᠠᠭᠠᠬᠠᠨ ᠬᠥᠳᠡᠯᠦᠯ ᠨᠢ ᠬᠤᠷᠢᠮ ᠤᠨ ᠶᠣᠰᠣᠯᠠᠯ ᠳᠤ ᠪᠠᠶᠠᠷ ᠪᠠᠭ᠋ᠠᠳᠤᠯ ᠨᠡᠮᠡᠷᠢᠯᠡᠭᠰᠡᠨ ᠢᠶᠠᠷ ᠪᠠᠷᠠᠬᠤ ᠦᠭᠡᠢ᠂ ᠪᠠᠰᠠ | ᠡᠨᠡ ᠬᠦ ᠪᠠᠶᠠᠷ ᠪᠠᠭ᠋ᠠᠳᠤᠯ ᠢ ᠲᠤᠬᠠᠢ ᠶᠢᠨ ᠲᠠᠯᠠᠪᠤᠷ ᠲᠤ ᠪᠠᠶᠢᠭᠰᠠᠨ ᠵᠣᠴᠢᠳ ᠪᠣᠯᠭᠠᠨ ᠳᠤ ᠬᠤᠪᠢᠶᠠᠯᠴᠠᠭᠰᠠᠨ ᠪᠠᠶᠢᠨ᠎ᠠ | ᠃ | | | | | ᠲᠤᠬᠠᠢ ᠶᠢᠨ ᠲᠠᠯᠠᠪᠠᠢ ᠶᠢᠨ ᠲᠦᠷᠦᠯ ᠰᠠᠳᠤᠨ ᠨᠠᠶᠢᠵᠠ ᠨᠥᠬᠦᠳ ᠤᠨ ᠢᠶᠠᠨ ᠭᠡᠷᠡᠴᠢᠯᠡᠭᠡ ᠪᠠᠷ᠂ ᠴᠢᠩ ᠱᠦᠢ | ᠾᠧ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ | ᠳᠠᠷᠤᠭ᠎ᠠ ᠵᠢᠩ ᠾᠦᠸᠧ ᠶᠤᠸᠠᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠵᠧᠦ ᠪᠢᠨ᠂ | ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠡᠷᠬᠢᠯᠡᠬᠦ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠺᠠᠩ ᠵᠢᠶᠠᠨ ᠵᠢᠶᠦ᠋ᠨ ᠭᠠᠪᠢᠶᠠᠲᠠᠨ ᠵᠢᠴᠢ ᠭᠡᠷ ᠪᠦᠯᠢ ᠶᠢᠨ | ᠬᠢᠨ ᠳᠤ ᠪᠦᠴᠡ ᠵᠡᠭᠦᠯᠭᠡᠵᠦ᠂ ᠪᠠᠶᠠᠷ ᠤᠨ ᠰᠣᠨᠢᠨ᠂ ᠲᠣᠬᠤᠨᠢᠭᠤᠯᠬᠤ ᠮᠥᠩᠭᠦ᠂ ᠰᠣᠷᠭᠤᠭ ᠴᠡᠴᠡᠭ ᠪᠣᠯᠣᠨ ᠰᠢᠨ᠎ᠡ | ᠬᠤᠷᠢᠮ ᠤᠨ ᠵᠥᠩᠨᠡᠯ ᠳᠡᠪᠰᠢᠭᠦᠯᠵᠡᠢ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠢᠩ ᠾᠦᠸᠧ ᠶᠤᠸᠠᠨ ᠨᠥᠬᠦᠷ ᠰᠢᠶᠠᠨ ᠤ ᠨᠠᠮ ᠤᠨ ᠬᠤᠷᠢᠶ᠎ᠠ᠂ | ᠰᠢᠶᠠᠨ ᠤ ᠵᠠᠰᠠᠭ ᠤᠨ ᠣᠷᠳᠣᠨ ᠪᠣᠯᠣᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠢ ᠲᠥᠯᠥᠭᠡᠯᠡᠨ ᠵᠠᠩ | ᠴᠢᠩ ᠤᠨ ᠰᠢᠨ᠎ᠡ ᠬᠤᠷᠢᠮ ᠳᠤ ᠨᠠᠰᠤᠨ ᠲᠤᠷᠰᠢᠲᠠ ᠵᠣᠯ ᠵᠢᠷᠭᠠᠯ ᠲᠠᠢ ᠪᠠᠶᠢᠬᠤ ᠳᠤ ᠪᠠᠶᠠᠷ ᠬᠦᠷᠭᠡᠬᠦ ᠶᠢᠨ ᠬᠠᠮᠲᠤ | ᠲᠡᠭᠦᠨ ᠢ ᠴᠡᠷᠢᠭ ᠠᠩᠭᠢ ᠳᠠᠭᠠᠨ ᠰᠠᠨᠠᠭ᠎ᠠ ᠠᠮᠤᠷ ᠠᠯᠪᠠ ᠬᠠᠭᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ | ᠬᠦᠰᠡᠪᠡ᠃ ᠶᠣᠰᠣᠯᠠᠯ ᠨᠢ ᠪᠣᠷᠣᠭᠵᠢᠭᠤᠨ ᠪᠥᠭᠡᠳ ᠲᠥᠪ ᠬᠢᠴᠢᠶᠡᠩᠭᠦᠢ ᠪᠠᠶᠢᠵᠤ᠂ ᠲᠦᠷᠦᠯ ᠰᠠᠳᠤᠨ ᠨᠠᠶᠢᠵᠠ | ᠨᠥᠬᠦᠳ ᠨᠢ ᠬᠤᠶᠢᠨ᠎ᠠ ᠬᠤᠶᠢᠨ᠎ᠠ ᠠᠴᠠ ᠪᠠᠨ ᠮᠠᠭᠲᠠᠨ ᠰᠠᠶᠢᠰᠢᠶᠠᠵᠤ᠂ ᠬᠠᠯᠠᠭᠤᠨ ᠠᠯᠠᠭ᠎ᠠ ᠲᠡᠰᠢᠯᠲᠡ ᠶᠢᠨ ᠲᠠᠭᠤᠨ | ᠨᠢᠵᠢᠭᠢᠨᠡᠵᠦ᠂ ᠪᠠᠶᠠᠷ ᠤᠨ ᠠᠶᠠᠰ ᠤᠨ ᠳᠤᠮᠳᠠ ᠵᠠᠩ ᠴᠢᠩ ᠭᠡᠷ ᠪᠦᠯᠢ ᠶᠢᠨ ᠬᠢᠨ ᠲᠠᠢ ᠪᠠᠨ ᠡᠨᠡᠬᠦ ᠢᠷᠠᠭᠤ ᠠᠯᠳᠠᠷᠲᠤ | ᠴᠠᠭ ᠮᠥᠴᠡ ᠶᠢ ᠬᠠᠮᠲᠤᠪᠠᠷ ᠡᠳ᠋ᠯᠡᠪᠡ᠃ | | | | | ᠰᠢᠨ᠎ᠡ ᠪᠡᠷᠢ ᠸᠠᠩ ᠵᠢᠩ ᠨᠠᠨ᠄︽ᠥᠨᠥᠳᠥᠷ ᠡᠨᠡᠬᠦ ᠣᠨᠴᠠᠭᠠᠢ ︿ᠪᠠᠶᠠᠷ ᠤᠨ ᠪᠡᠯᠡᠭ﹀ ᠢ ᠬᠦᠯᠢᠶᠡᠨ ᠠᠪᠤᠯ᠎ᠠ᠂ ᠡᠨᠡᠬᠦ | ᠢᠷᠠᠭᠤ ᠠᠯᠳᠠᠷ ᠢ ᠪᠢᠳᠡ ᠨᠠᠰᠤᠨ ᠲᠤᠷᠰᠢᠲᠠ ᠮᠠᠷᠲᠠᠬᠤ ᠦᠭᠡᠢ᠂ ᠬᠤᠶᠢᠰᠢᠳᠠ ᠪᠢ ᠯᠠᠪᠲᠠᠢ ᠥᠩᠭᠡᠷᠡᠭᠰᠡᠨ ᠲᠠᠢ ᠪᠠᠨ | ᠠᠳᠠᠯᠢ ᠪᠠᠷ ᠵᠠᠩ ᠴᠢᠩ ᠤᠨ ᠠᠵᠢᠯ ᠢ ᠳᠡᠮᠵᠢᠨ᠎ᠡ᠂ ᠴᠡᠷᠢᠭ ᠤᠨ ᠭᠠᠪᠢᠶᠠᠨ ᠲᠡᠮᠳᠡᠭ ᠪᠣᠯ ᠬᠠᠶᠢᠷᠠᠲᠤ ᠬᠥᠮᠥᠨ ᠤ | ᠨᠠᠳᠠ ᠳᠤ ᠥᠭᠭᠦᠭᠰᠡᠨ ᠬᠠᠮᠤᠭ ᠤᠨ ᠰᠠᠶᠢᠨ︿ᠰᠡᠳᠬᠢᠯ ᠢᠶᠠᠨ ᠢᠯᠡᠳᠬᠡᠯ﹀ᠪᠣᠯᠣᠨ᠎ᠠ᠂ ᠪᠠᠶᠠᠷ ᠤᠨ ᠮᠡᠳᠡᠭᠡ ᠶᠢ ᠬᠤᠷᠢᠮ ᠤᠨ | ᠶᠣᠰᠣᠯᠠᠯ ᠤᠨ ᠲᠤᠬᠠᠢ ᠶᠢᠨ ᠲᠠᠯᠠᠪᠠᠢ ᠳᠤ ᠬᠦᠷᠭᠡᠵᠦ ᠥᠭᠭᠦᠭᠰᠡᠨ ᠨᠢ ᠨᠠᠳᠠ ᠳᠤ ᠴᠡᠷᠢᠭ ᠤᠨ ᠪᠡᠷᠭᠡᠨ ᠪᠣᠯᠤᠭᠰᠠᠨ ᠤ | ᠢᠷᠠᠭᠤ ᠠᠯᠳᠠᠷ ᠢ ᠮᠡᠳᠡᠷᠡᠭᠦᠯᠵᠡᠢ︾ᠭᠡᠵᠦ ᠬᠡᠯᠡᠪᠡ᠃ ᠵᠠᠩ ᠴᠢᠩ ᠰᠡᠳᠬᠢᠯ ᠳᠣᠭᠳᠣᠯᠤᠨ᠄ ︽ᠰᠢᠨ᠎ᠡ ᠬᠦᠷᠭᠡᠨ | ᠪᠣᠯᠤᠭᠰᠠᠨ ᠤ ᠬᠤᠪᠢ ᠳᠤ ᠪᠢ ᠮᠠᠰᠢ ᠪᠠᠶᠠᠷᠯᠠᠵᠤ ᠪᠠᠶᠢᠨ᠎ᠠ᠂ ᠴᠡᠷᠢᠭ ᠤᠨ ᠬᠥᠮᠥᠨ ᠪᠣᠯᠤᠭᠰᠠᠨ ᠤ ᠬᠤᠪᠢ ᠳᠤ ᠪᠢ | ᠬᠢᠵᠠᠭᠠᠯᠠᠰᠢ ᠦᠭᠡᠢ ᠣᠮᠣᠭᠰᠢᠨ᠎ᠠ᠂ ᠮᠢᠨᠤ ᠬᠤᠷᠢᠮ ᠤᠨ ᠶᠣᠰᠣᠯᠠᠯ ᠳᠤ ᠭᠡᠷ ᠤᠨ ᠬᠥᠮᠥᠰ ᠲᠠᠢ ᠪᠠᠨ ᠡᠨᠡ ᠬᠦ ᠢᠷᠠᠭᠤ | ᠠᠯᠳᠠᠷ ᠢ ᠬᠠᠮᠲᠤ ᠪᠠᠷ ᠡᠳ᠋ᠯᠡᠬᠦ ᠪᠣᠯᠤᠭᠰᠠᠨ ᠳᠠᠭᠠᠨ ᠮᠠᠰᠢ ᠠᠵᠠ ᠲᠠᠢ ᠰᠠᠨᠠᠭᠳᠠᠵᠤ ᠪᠠᠶᠢᠨ᠎ᠠ᠂ ᠲᠡᠳᠡᠨ ᠤ ᠠᠷᠤ ᠳᠠᠬᠢ | ᠦᠭᠡ ᠳᠠᠭᠤᠨ ᠦᠭᠡᠢ ᠳᠡᠮᠵᠢᠯᠭᠡ ᠪᠠ ᠵᠣᠷᠢᠭᠵᠢᠭᠤᠯᠤᠯ ᠳᠤ ᠲᠠᠯᠠᠷᠬᠠᠨ᠎ᠠ᠂ ᠴᠡᠷᠢᠭ ᠠᠩᠭᠢ ᠶᠢᠨ ᠨᠠᠮᠠᠶᠢ ᠬᠠᠯᠠᠮᠵᠢᠯᠠᠵᠤ | ᠬᠥᠮᠥᠵᠢᠭᠦᠯᠦᠭᠰᠡᠨ ᠳᠤ ᠲᠠᠯᠠᠷᠬᠠᠨ᠎ᠠ᠂ ᠬᠤᠶᠢᠰᠢᠳᠠ ᠯᠠᠪᠲᠠᠢ ᠨᠡᠩ ᠢᠯᠡᠭᠦᠦ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠦ᠂ ᠡᠨᠡ ᠬᠦ ᠡᠷᠬᠢᠮ ᠨᠠᠨᠳᠢᠨ ᠢᠷᠠᠭᠤ ᠠᠯᠳᠠᠷ ᠢ ᠬᠥᠰᠡᠷᠳᠡᠭᠦᠯᠬᠦ ᠦᠭᠡᠢ᠂ ᠴᠡᠷᠢᠭ ᠠᠩᠭᠢ ᠶᠢᠨ ᠨᠠᠨᠳᠢᠨ | ᠨᠠᠶᠢᠳᠠᠯᠭ᠎ᠠ ᠪᠠ ᠢᠲᠡᠭᠡᠯ ᠢ ᠬᠥᠰᠡᠷᠳᠡᠭᠦᠯᠬᠦ ᠦᠭᠡᠢ᠂ ᠲᠠᠬᠢᠨ ᠰᠢᠨ᠎ᠡ ᠭᠠᠪᠢᠶ᠎ᠠ ᠪᠠᠶᠢᠭᠤᠯᠬᠤ ᠪᠠᠷ ᠴᠢᠷᠮᠠᠶᠢᠨ᠎ᠠ︾ᠭᠡᠵᠦ | ᠬᠡᠯᠡᠪᠡ᠃ | | | |