︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠤᠢ ᠹᠧᠩ︶ ᠰᠠᠶᠢᠬᠠᠨ ᠪᠣᠭᠤᠮᠲᠠ ᠶᠢᠨ | ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 5 ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 100.5 ᠳ᠋ᠦᠩᠰᠢᠭᠤᠷ ᠲᠥᠭᠦᠷᠢᠭ ᠬᠦᠷᠴᠦ᠂ | ᠠᠳᠠᠯᠢ ᠬᠤᠭᠤᠴᠠᠭᠠᠨ ᠤ ᠬᠢ ᠠᠴᠠ 31.1% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ | ᠠᠷᠠᠯᠵᠢᠶᠠᠨ ᠤ ᠥᠷᠲᠡᠭ 54 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 39. | 5% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 46.5 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠪᠡ᠃ ᠢᠯᠠᠩᠭᠤᠶ᠎ᠠ 5 ᠳ᠋ᠤᠭᠠᠷ | ᠰᠠᠷ᠎ᠠ ᠶᠢᠨ ᠭᠠᠭᠴᠠ ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ | ᠠᠷᠠᠯᠵᠢᠶ᠎ᠠ ᠲᠦᠷᠭᠡᠨ ᠨᠡᠮᠡᠭᠳᠡᠬᠦ ᠬᠠᠨᠳᠤᠰᠢ ᠲᠠᠢ ᠪᠤᠯᠵᠤ᠂ ᠭᠠᠭᠴᠠ ᠰᠠᠷ᠎ᠠ ᠳᠤ ᠬᠥᠬᠡᠬᠤᠲᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 27.4 ᠳ᠋ᠦᠩᠰᠢᠭᠤᠷ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 93% ᠨᠡᠮᠡᠭᠳᠡᠪᠡ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ | ᠠᠷᠠᠯᠵᠢᠶᠠᠨ ᠤ ᠥᠷᠲᠡᠭ 17 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 202. | 8% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 10.4 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 21.2% ᠪᠠᠷ ᠨᠡᠮᠡᠭᠳᠡᠪᠡ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠬᠥᠬᠡᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠮᠥᠨ ᠬᠦ ᠭᠠᠳᠠᠭᠠᠳᠤ ᠠᠷᠠᠯᠵᠢᠶᠠᠨ ᠤ ᠭᠤᠤᠯ ᠬᠦᠴᠦᠨ ᠤ ᠪᠠᠶᠢᠷᠢ ᠰᠠᠭᠤᠷᠢ ᠪᠠᠨ ᠪᠠᠲᠤᠯᠠᠵᠤ᠂ ᠡᠨᠡ | ᠵᠢᠯ ᠤᠨ ᠲᠦᠷᠦᠭᠦᠤ 5 ᠰᠠᠷ᠎ᠠ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 73.8 ᠳ᠋ᠦᠩᠰᠢᠭᠤᠷ ᠲᠥᠭᠦᠷᠢᠭ ᠬᠦᠷᠴᠦ᠂ | 56.3% ᠪᠠᠷ ᠨᠡᠮᠡᠭᠳᠡᠨ᠂ ᠬᠥᠬᠡᠬᠤᠲᠠ ᠶᠢᠨ ᠭᠠᠳᠠᠭᠠᠳᠤ ᠠᠷᠠᠯᠵᠢᠶᠠᠨ ᠤ ᠥᠷᠲᠡᠭ ᠤᠨ 73.4% ᠶᠢ | ᠡᠵᠡᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠠᠴᠠ ᠠᠪᠴᠤ ᠦᠵᠡᠪᠡᠯ᠂ | ᠭᠠᠳᠠᠭᠠᠳᠤ ᠠᠴᠠ ᠣᠷᠣᠭᠤᠯᠤᠭᠰᠠᠨ ᠨᠢ ᠪᠣᠯᠪᠠᠰᠤᠷᠠᠭᠤᠯᠤᠭᠰᠠᠨ ᠲᠣᠰᠣ ᠪᠠᠷ ᠭᠤᠣᠯ ᠪᠣᠯᠭᠠᠵᠤ᠂ ᠭᠠᠳᠠᠭᠠᠳᠤ ᠠᠴᠠ | ᠣᠷᠣᠭᠤᠯᠤᠭᠰᠠᠨ ᠥᠷᠲᠡᠭ ᠨᠢ 28.7 ᠳ᠋ᠦᠩᠰᠢᠭᠤᠷ ᠲᠥᠭᠦᠷᠢᠭ ᠬᠦᠷᠴᠦ᠂ ᠪᠦᠬᠦ ᠬᠤᠳᠠ ᠶᠢᠨ ᠭᠠᠳᠠᠭᠠᠳᠤ ᠠᠴᠠ | ᠣᠷᠣᠭᠤᠯᠤᠭᠰᠠᠨ ᠥᠷᠲᠡᠭ ᠤᠨ 53.2% ᠢ ᠡᠵᠡᠯᠡᠪᠡ︔ ᠭᠠᠳᠠᠭᠠᠳᠤ ᠳᠤ ᠭᠠᠷᠭᠠᠭᠰᠠᠨ ᠨᠢ ᠮᠠᠰᠢᠨ ᠴᠠᠬᠢᠯᠭᠠᠨ ᠤ | ᠦᠢᠯᠡᠳᠬᠦᠨ ᠪᠠ ᠡᠮ ᠡᠮᠨᠡᠯᠭᠡ ᠶᠢᠨ ᠮᠠᠲ᠋ᠧᠷᠢᠶᠠᠯ ᠵᠢᠴᠢ ᠡᠮ ᠤᠨ ᠵᠦᠢᠯᠡᠰ ᠢᠶᠠᠷ ᠭᠤᠣᠯ ᠪᠣᠯᠭᠠᠵᠤ᠂ | ᠬᠤᠶᠠᠭᠤᠯᠠ ᠶᠢᠨ ᠨᠡᠶᠢᠲᠡ ᠭᠠᠳᠠᠭᠠᠳᠤ ᠳᠤ ᠭᠠᠷᠭᠠᠭᠰᠠᠨ ᠥᠷᠲᠡᠭ ᠨᠢ 17.5 ᠳ᠋ᠦᠩᠰᠢᠭᠤᠷ ᠲᠥᠭᠦᠷᠢᠭ ᠬᠦᠷᠴᠦ᠂ | ᠪᠦᠬᠦ ᠬᠤᠳᠠ ᠶᠢᠨ ᠭᠠᠳᠠᠭᠠᠳᠤ ᠳᠤ ᠭᠠᠷᠭᠠᠭᠰᠠᠨ ᠥᠷᠲᠡᠭ ᠤᠨ 37.6% ᠶᠢ ᠡᠵᠡᠯᠡᠪᠡ᠃ ᠠᠷᠠᠯᠵᠢᠶᠠᠨ ᠤ | ᠤᠯᠤᠰ ᠤᠨ ᠢᠯᠭᠠᠯ ᠠᠴᠠ ᠠᠪᠴᠤ ᠦᠵᠡᠪᠡᠯ᠂ ᠡᠨᠡ ᠵᠢᠯ ᠤᠨ ᠲᠦᠷᠦᠭᠦᠤ 5 ᠰᠠᠷ᠎ᠠ ᠳᠤ ᠬᠥᠬᠡᠬᠤᠲᠠ ᠶᠢᠨ | ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠮᠠᠯᠠᠶᠢᠰᠢᠶ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠥᠷᠲᠡᠭ ᠨᠢ 29.1 ᠳ᠋ᠦᠩᠰᠢᠭᠤᠷ ᠲᠥᠭᠦᠷᠢᠭ ᠬᠦᠷᠴᠦ᠂ 29% ᠶᠢ ᠡᠵᠡᠯᠡᠪᠡ᠃ ︽ᠨᠢᠭᠡ ᠪᠦᠰᠡ | ᠨᠢᠭᠡ ᠵᠠᠮ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ︾ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠠᠷᠠᠯᠵᠢᠶᠠᠨ ᠤ ᠥᠷᠲᠡᠭ ᠨᠢ 68.5 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 74% ᠪᠠᠷ ᠨᠡᠮᠡᠭᠳᠡᠨ᠂ 68.2% ᠢ ᠡᠵᠡᠯᠡᠵᠦ᠂ ᠬᠥᠬᠡᠬᠤᠲᠠ ᠶᠢᠨ ᠭᠠᠳᠠᠭᠠᠳᠤ ᠳᠤ | ᠭᠠᠷᠭᠠᠬᠤ ᠨᠡᠮᠡᠭᠳᠡᠯ ᠢ ᠳᠠᠶᠢᠴᠢᠯᠠᠬᠤ ᠴᠢᠬᠤᠯᠠ ᠬᠦᠴᠦᠨ ᠪᠣᠯᠤᠭᠰᠠᠨ ᠪᠠᠶᠢᠨ᠎ᠠ᠃ ᠬᠥᠬᠡᠬᠤᠲᠠ ᠶᠢᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠠᠷᠠᠯᠵᠢᠶᠠᠨ ᠤ ᠥᠷᠲᠡᠭ ᠢᠯᠡᠳᠲᠡ ᠨᠡᠮᠡᠭᠳᠡᠵᠦ᠂ ᠲᠦᠷᠦᠭᠦᠤ 5 ᠰᠠᠷ᠎ᠠ ᠶᠢᠨ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠭᠰᠠᠨ ᠥᠷᠲᠡᠭ ᠨᠢ 47.2 ᠳ᠋ᠦᠩᠰᠢᠭᠤᠷ | ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 98.7% ᠪᠠᠷ ᠨᠡᠮᠡᠭᠳᠡᠪᠡ᠂ ᠡᠭᠦᠨ ᠳᠤ ᠭᠠᠳᠠᠭᠠᠳᠤ ᠳᠤ | ᠭᠠᠷᠭᠠᠭᠰᠠᠨ ᠠᠷᠠᠯᠵᠢᠶᠠᠨ ᠤ ᠥᠷᠲᠡᠭ 8.9 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 810.4% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ | ᠥᠷᠲᠡᠭ 38.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 68.2% ᠪᠠᠷ | ᠨᠡᠮᠡᠭᠳᠡᠪᠡ᠃ | ᠰᠠᠶᠢᠬᠠᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠳᠠᠷᠤᠭ᠎ᠠ ᠯᠢ ᠪᠢᠨ | ᠢᠯᠡᠷᠬᠡᠶᠢᠯᠡᠬᠦ ᠳᠡᠭᠡᠨ᠂ ᠡᠨᠡ ᠵᠢᠯ ᠤᠨ ᠲᠦᠷᠦᠭᠦᠤ 5 ᠰᠠᠷ᠎ᠠ ᠳᠤ᠂ ᠬᠥᠬᠡᠬᠤᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 100 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ | ᠬᠤᠭᠤᠴᠠᠭᠠᠨ ᠤ ᠬᠢ ᠠᠴᠠ ᠭᠤᠷᠪᠠᠨ ᠬᠤᠪᠢ ᠠᠴᠠ ᠳᠡᠭᠡᠭᠰᠢ ᠨᠡᠮᠡᠭᠳᠡᠵᠦ᠂ ᠬᠥᠬᠡᠬᠤᠲᠠ ᠶᠢᠨ ᠭᠠᠳᠠᠭᠠᠳᠤ | ᠠᠷᠠᠯᠵᠢᠶᠠᠨ ᠤ ᠠᠵᠤ ᠠᠬᠤᠶ ᠶᠢᠨ ᠬᠥᠭᠵᠢᠯᠲᠡ ᠶᠢᠨ ᠡᠷᠴᠢ ᠬᠦᠴᠦᠨ ᠶᠡᠭᠡ ᠪᠠᠶᠢᠨ᠎ᠠ᠂ ᠲᠠᠷᠠᠭᠠᠴᠢ ᠶᠢᠨ ᠠᠯᠬᠤᠮ ᠳᠤ | ᠂ ᠰᠠᠶᠢᠬᠠᠨ ᠪᠣᠭᠤᠮᠲᠠ ᠠᠯᠠᠭᠠᠨ ᠳᠡᠭᠡᠷ᠎ᠡ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠥᠪᠡᠰᠦᠪᠡᠨ | ᠭᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ | ᠪᠣᠭᠤᠮᠲᠠ ᠶᠢᠨ ᠲᠤᠬᠠᠶᠢᠯᠠᠭᠰᠠᠨ ᠠᠵᠢᠯ ᠢᠶᠠᠨ ᠭᠦᠢᠴᠡᠳᠭᠡᠬᠦ ᠳᠤ ᠲᠥᠬᠦᠮ ᠦᠵᠡᠭᠦᠯᠵᠦ᠂ ᠠᠵᠤ ᠠᠬᠤᠶᠢᠯᠠᠯ ᠤᠨ | ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠥᠷᠨᠢᠭᠦᠯᠬᠦ ᠢᠲᠡᠭᠡᠯ ᠵᠣᠷᠢᠭ ᠢᠶᠠᠨ ᠳᠡᠭᠡᠭᠰᠢᠯᠡᠭᠦᠯᠦᠨ᠂ ᠠᠵᠤ | ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ ᠭᠡᠪᠡ᠃ |