ᠴᠢᠩ ᠱᠦᠢ ᠾᠧ ᠰᠢᠶᠠᠨ ︽ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ︾ ᠠᠵᠢᠯ ᠤᠨ ᠠᠷᠭ᠎ᠠ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠪᠡ
ᠨᠡᠶᠢᠲᠡᠯᠡᠭᠰᠡᠨ ᠴᠠᠭ᠄
2024/6/3
     ᠴᠢᠩ ᠱᠦᠢ ᠾᠧ ᠰᠢᠶᠠᠨ ᠤ ᠬᠢᠨ ᠦᠨᠳᠦᠰᠦᠨ ᠱᠠᠲᠤᠨ ᠳᠤ ᠨᠡᠶᠢᠳᠡᠮ ᠣᠷᠣᠰᠢᠵᠤ ᠪᠠᠶᠢᠭ᠎ᠠ︽ᠪᠢᠴᠢᠭ ᠤᠨ ᠠᠭᠤᠯᠠ ᠬᠤᠷᠠᠯ ᠤᠨ ᠲᠠᠯᠠᠢ︾᠂︽ᠬᠡᠲᠦᠷᠡᠲᠡᠯ᠎ᠡ ᠣᠷᠣ ᠮᠥᠷ ᠦᠯᠡᠳᠡᠭᠡᠬᠦ︾ᠵᠡᠷᠭᠡ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠣᠶᠢᠯᠠᠭᠠᠭᠳᠠᠬᠤᠨ᠂ ᠠᠵᠢᠯ ᠤᠨ ᠰᠤᠷᠲᠠᠯ ᠵᠡᠷᠭᠡ ᠲᠠᠯ᠎ᠠ ᠠᠴᠠ ᠠᠰᠠᠭᠤᠳᠠᠯ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂︽ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ︾ᠠᠵᠢᠯ ᠤᠨ ᠠᠷᠭ᠎ᠠ ᠪᠠᠷ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠪᠣᠯᠣᠨ ᠬᠥᠳᠡᠯᠭᠡᠬᠦ ᠬᠦᠴᠦᠨ ᠢ ᠭᠦᠢᠴᠡᠳ ᠬᠥᠭᠵᠢᠭᠡᠪᠡ᠃ ᠨᠢᠭᠡ ᠳᠤ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠰᠤᠷᠲᠠᠯ ᠤᠨ ᠲᠠᠯ᠎ᠠ ᠪᠠᠷ ︽ᠨᠡᠮᠡᠬᠦ ᠠᠷᠭ᠎ᠠ︾ ᠠᠪᠤᠪᠠ᠃ ᠤᠨᠤᠯ ᠤᠨ ᠰᠤᠷᠤᠯᠴᠠᠯᠭ᠎ᠠ᠂ ᠰᠡᠷᠡᠮᠵᠢᠯᠡᠭᠦᠯᠬᠦ ᠬᠥᠮᠦᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠺᠠᠳ᠋ᠷ ᠢ ᠬᠢᠨᠠᠨ ᠰᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ︽ᠮᠣᠷᠠᠯ ᠴᠢᠳᠠᠪᠤᠷᠢ ᠠᠵᠢᠯᠴᠢ ᠬᠥᠳᠡᠯᠮᠦᠷᠢᠴᠢ ᠠᠮᠵᠢᠯᠲᠠ ᠪᠦᠲᠦᠮᠵᠢ ᠠᠷᠢᠭᠤᠨ ᠴᠢᠬᠡᠴᠢ︾ ᠶᠢᠨ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠳᠤ ᠦᠢᠯᠡᠴᠢᠯᠡᠬᠦ᠂ ᠠᠵᠢᠯ ᠢᠶᠠᠨ ᠲᠦᠯᠬᠢᠨ ᠠᠬᠢᠭᠤᠯᠬᠤ ᠵᠡᠷᠭᠡ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠶᠢ ᠺᠠᠳ᠋ᠷ ᠢ ᠬᠢᠨᠠᠨ ᠰᠢᠯᠭᠠᠬᠤ ᠭᠤᠣᠯ ᠭᠦᠢᠴᠡᠳᠬᠡᠯ ᠲᠤᠭ᠎ᠠ ᠪᠣᠯᠭᠠᠪᠠ᠃ ᠬᠤᠶᠠᠷ ᠲᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ ᠤᠷᠤᠮ ᠦᠯᠡᠳᠡᠭᠡᠬᠦ ᠬᠠᠮᠢᠶᠠᠷᠤᠯᠲᠠ ᠪᠠᠷ ︽ᠬᠠᠰᠤᠬᠤ ᠠᠷᠭ᠎ᠠ︾ ᠠᠪᠤᠪᠠ᠃ ᠳᠠᠪᠲᠠᠯᠲᠠ ᠶᠢᠨ ᠴᠢᠨᠠᠷᠲᠠᠢ᠂ ᠲᠦᠷ ᠴᠠᠭ ᠤᠨ ᠴᠢᠨᠠᠷᠲᠠᠢ ᠸᠢᠴᠠᠲ ᠤᠨ ᠠᠵᠢᠯ ᠤᠨ ᠪᠦᠯᠦᠭ ᠢ 134 ᠪᠠᠭᠠᠰᠬᠠᠪᠠ︔ ᠴᠢᠬᠤᠯᠠ ᠪᠤᠰᠤ ᠠᠵᠢᠯ ᠤᠨ ᠡᠬᠡ ᠳᠠᠩᠰᠠ᠂ ᠭᠡᠷᠡᠯ ᠵᠢᠷᠤᠭ ᠤᠨ ᠭᠡᠷᠡᠴᠢᠯᠡᠯ ᠵᠡᠷᠭᠡ ᠶᠢ ᠪᠠᠭᠠᠰᠬᠠᠪᠠ᠃ ︽ᠪᠢᠴᠢᠭ ᠮᠠᠲ᠋ᠧᠷᠢᠶᠠᠯ ᠠᠷᠪᠢᠳᠠᠵᠤ ᠬᠤᠷᠠᠯ ᠴᠤᠭᠯᠠᠭ᠎ᠠ ᠣᠯᠠᠰᠢᠷᠠᠬᠤ︾ ᠦᠵᠡᠭᠳᠡᠯ ᠢ ᠡᠷᠡᠰ ᠬᠤᠷᠢᠭᠯᠠᠵᠤ᠂ ᠪᠢᠴᠢᠭ ᠮᠠᠲ᠋ᠧᠷᠢᠶᠠᠯ ᠲᠠᠷᠬᠠᠭᠠᠬᠤ ᠲᠤᠭ᠎ᠠ ᠬᠡᠮᠵᠢᠶ᠎ᠡ ᠪᠠ ᠬᠤᠷᠠᠯ ᠤᠨ ᠲᠤᠭ᠎ᠠ ᠶᠢ ᠴᠢᠩᠭ᠎ᠠ ᠬᠢᠵᠠᠭᠠᠷᠯᠠᠪᠠ᠃ ᠡᠨᠡ ᠵᠢᠯ ᠠᠴᠠ ᠨᠠᠰᠢ᠂ ᠪᠥᠬᠦ ᠰᠢᠶᠠᠨ ᠤ ᠲᠠᠷᠬᠠᠭᠠᠭᠰᠠᠨ ᠪᠢᠴᠢᠭ ᠮᠠᠲ᠋ᠧᠷᠢᠶᠠᠯ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 21% ᠪᠠᠷ ᠪᠠᠭᠠᠰᠤᠭᠰᠠᠨ ᠪᠠᠶᠢᠪᠠ᠃ ᠬᠤᠷᠠᠯ ᠬᠤᠷᠠᠯᠳᠤᠭᠤᠯᠤᠭᠰᠠᠨ ᠨᠢ ᠠᠳᠠᠯᠢ ᠬᠤᠭᠤᠴᠠᠭᠠᠨ ᠤ ᠬᠢ ᠠᠴᠠ 13% ᠪᠠᠷ ᠪᠠᠭᠤᠷᠠᠪᠠ᠂ ᠭᠤᠷᠪᠠ ᠳᠤ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ︽ᠦᠷᠡᠵᠢᠭᠦᠯᠬᠦ︾ ᠠᠷᠭ᠎ᠠ ᠬᠡᠮᠵᠢᠶ᠎ᠡ ᠠᠪᠤᠪᠠ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠨᠳᠦᠰᠦᠨ ᠱᠠᠲᠤ᠂ ᠠᠵᠤ ᠠᠬᠤᠶᠢᠯᠠᠯ ᠳᠤ ᠬᠦᠷᠴᠦ᠂ ᠴᠢᠩ ᠱᠦᠢ ᠾᠧ ᠰᠢᠶᠠᠨ ᠤ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠵᠢᠴᠢ ᠠᠵᠤ ᠠᠬᠤᠶᠢᠯᠠᠯ ᠤᠨ ᠭᠠᠵᠠᠷ ᠰᠢᠷᠣᠢ ᠲᠠᠲᠠᠪᠤᠷᠢᠯᠠᠬᠤ᠂ ᠦᠢᠯᠡᠳᠪᠦᠷᠢᠯᠡᠯ ᠡᠵᠡᠩᠨᠡᠯᠲᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠴᠢᠷᠳᠡᠯ ᠢ ᠭᠦᠨᠵᠡᠭᠡᠢ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠰᠢᠢᠳᠪᠦᠷᠢᠯᠡᠪᠡ᠃ ᠠᠵᠢᠯ ᠶᠠᠪᠤᠳᠠᠯ ᠡᠷᠬᠢᠯᠡᠬᠦ ᠴᠣᠩᠬᠤ ᠶᠢ ᠴᠣᠮᠬᠠᠳᠬᠠᠵᠤ᠂ ᠠᠵᠢᠯ ᠶᠠᠪᠤᠳᠠᠯ ᠡᠷᠬᠢᠯᠡᠬᠦ ᠶᠠᠪᠤᠴᠠ ᠶᠢ ᠳᠥᠭᠦᠮᠴᠢᠯᠡᠵᠦ᠂ ᠺᠠᠳ᠋ᠷᠴᠤᠳ ᠢ ᠢᠯᠡᠭᠦᠦ ︽ᠭᠦᠶᠦᠯᠭᠡᠵᠦ︾᠂ ᠤᠯᠠᠨ ᠲᠦᠮᠡᠨ ᠢ ᠳᠤᠲᠠᠭᠤ ︽ᠭᠦᠶᠦᠯᠭᠡᠵᠦ︾᠂ ᠺᠠᠳ᠋ᠷᠴᠤᠳ ᠤᠨ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ ᠪᠠ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ︽ᠬᠤᠣᠰ ᠳᠡᠭᠡᠭᠰᠢᠯᠡᠯᠲᠡ︾ ᠲᠠᠢ ᠪᠣᠯᠭᠠᠬᠤ ᠶᠢ ᠪᠡᠶᠡᠯᠡᠭᠦᠯᠪᠡ᠃ ᠳᠥᠷᠪᠡ ᠳᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠱᠠᠲᠤ ᠱᠠᠲᠤ ᠪᠠᠷ ᠲᠤᠭ᠎ᠠ ᠨᠡᠮᠡᠬᠦ︾ ᠪᠠᠷ ︽ᠬᠤᠪᠢᠶᠠᠬᠤ ᠠᠷᠭ᠎ᠠ︾ᠪᠣᠯᠭᠠᠪᠠ᠃ ᠡᠯ᠎ᠡ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠠᠪᠬᠤᠷᠳᠠᠭᠰᠠᠨ᠂ ᠴᠠᠭ ᠠᠴᠠ ᠥᠩᠭᠡᠷᠡᠭᠰᠡᠨ 396 ᠫᠠᠶᠢᠰᠠ ᠡᠯᠭᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠴᠡᠭᠴᠡᠯᠡᠨ ᠰᠠᠶᠢᠵᠢᠷᠠᠭᠤᠯᠬᠤ ᠶᠢ ᠬᠦᠴᠦᠨ ᠦᠭᠡᠢ ᠪᠣᠯᠭᠠᠪᠠ᠃ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠨᠢᠭᠡ ᠵᠦᠢᠯ ᠤᠨ ᠲᠤᠭ᠎ᠠ ᠪᠠᠷᠢᠮᠲᠠ ᠶᠢ ᠣᠯᠠᠨ ᠲᠠᠯ᠎ᠠ ᠠᠴᠠ ᠮᠡᠳᠡᠭᠦᠯᠬᠦ᠂ ᠳᠠᠪᠬᠤᠷᠳᠠᠭᠤᠯᠤᠨ ᠮᠡᠳᠡᠭᠦᠯᠬᠦ ᠠᠴᠠ ᠵᠠᠶᠢᠯᠠᠰᠬᠢᠪᠠ᠃ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠡᠯ᠎ᠡ ᠲᠥᠷᠥᠯ ᠤᠨ ᠪᠠᠶᠢᠴᠠᠭᠠᠵᠤ ᠰᠢᠮᠳᠠᠭᠤᠯᠤᠨ ᠪᠠᠶᠢᠴᠠᠭᠠᠬᠤ ᠶᠢ ᠠᠳᠠᠯᠢ ᠲᠥᠷᠥᠯ ᠢᠶᠠᠷ ᠨᠢ ᠨᠡᠶᠢᠯᠡᠭᠦᠯᠵᠦ᠂ ᠴᠢᠬᠤᠯᠠ ᠪᠤᠰᠤ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠬᠦᠴᠦᠨ ᠦᠭᠡᠢ ᠪᠣᠯᠭᠠᠪᠠ᠃ ᠴᠢᠩ ᠱᠦᠢ ᠾᠧ ᠰᠢᠶᠠᠨ ᠤ ᠬᠢᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠪᠠᠶᠢᠩᠭᠤᠵᠢᠭᠤᠯᠵᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠬᠢᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1