ᠭᠦᠭᠡᠬᠤᠳᠠ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠪᠠᠷ 11 ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠠᠪᠴᠤ ᠪᠤᠢ
ᠨᠡᠶᠢᠲᠡᠯᠡᠭᠰᠡᠨ ᠴᠠᠭ᠄
2024/6/7
     ᠣᠶᠢᠷ᠎ᠠ ᠳᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠡᠭᠦᠳᠬᠦ ᠶᠢᠨ ᠲᠤᠯᠠᠳᠠ ᠭᠦᠭᠡᠬᠤᠳᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠥᠩᠭᠡᠷᠡᠭᠰᠡᠨ ᠵᠢᠯ ᠤᠳ ᠤᠨ ᠤᠯᠤᠰ ᠤᠨ ᠨᠢᠭᠡᠳᠦᠯᠲᠡᠢ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠭᠰᠠᠨ ᠠᠮᠵᠢᠯᠲᠠ ᠲᠠᠢ ᠲᠤᠷᠰᠢᠯᠭ᠎ᠠ ᠪᠠᠷ ᠲᠣᠯᠢ ᠪᠤᠯᠭᠠᠵᠤ᠂ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠬᠢᠬᠦ ᠵᠡᠷᠭᠡ 11 ᠵᠦᠢᠯ ᠤᠨ ᠤᠯᠤᠰ ᠤᠨ ᠨᠢᠭᠡᠳᠦᠯᠲᠡᠢ ᠰᠢᠯᠭᠠᠯᠲᠠ  ᠳᠤ ᠦᠢᠯᠡᠴᠢᠯᠡᠬᠦ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠠᠢ᠃      ᠡᠳᠡᠭᠡᠷ 11 ᠵᠦᠢᠯ ᠤᠨ ᠠᠷᠭ᠎ᠠ ᠬᠡᠮᠵᠢᠶ᠎ᠡ ᠳᠤ᠂ 2 ᠲᠦᠮᠡᠨ ᠨᠣᠭᠤᠭᠠᠨ ᠪᠦᠴᠡ ᠲᠠᠷᠬᠠᠭᠠᠵᠤ᠂ ᠰᠢᠯᠭᠠᠭᠤᠯᠤᠭᠰᠠᠳ ᠢ ᠬᠦᠷᠭᠡᠬᠦ ᠮᠠᠰᠢᠨ ᠲᠡᠷᠭᠡ ᠶᠢᠨ ᠲᠤᠰᠬᠠᠢ ᠬᠡᠷᠡᠭᠯᠡᠬᠦ ᠲᠡᠮᠳᠡᠭ ᠢ ᠲᠣᠳᠣᠷᠬᠠᠶᠢᠯᠠᠵᠤ᠂ ᠰᠢᠯᠭᠠᠭᠤᠯᠤᠭᠰᠠᠳ ᠢ ᠲᠦᠷᠭᠡᠨ ᠪᠥᠭᠡᠳ ᠲᠦᠭᠦᠮ ᠳᠥᠲᠡ ᠪᠠᠷ ᠰᠢᠯᠭᠠᠯᠲᠠ ᠶᠢᠨ ᠴᠡᠭ ᠲᠤ ᠢᠷᠡᠵᠦ ᠣᠴᠢᠬᠤ ᠶᠢ ᠰᠢᠯᠤᠭᠤᠳᠬᠠᠨ᠎ᠠ᠃ 26 ᠦᠢᠯᠡᠴᠢᠯᠡᠭᠡᠨ ᠤ ᠦᠷᠳᠡᠭᠡ ᠭᠠᠷᠭᠠᠨ᠂ ᠰᠢᠯᠭᠠᠭᠤᠯᠤᠭᠰᠠᠳ ᠢ ᠬᠦᠷᠭᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠯᠭᠠᠯᠲᠠ ᠶᠢ ᠬᠠᠮᠠᠭᠠᠯᠠᠬᠤ ᠪᠡᠯᠡᠳᠬᠡᠯ ᠬᠤᠪᠢᠶᠠᠷᠢ ᠠᠩᠭᠢ ᠪᠠᠶᠢᠭᠤᠯᠤᠨ᠎ᠠ᠃ ᠰᠤᠷᠤᠬᠴᠢᠳ ᠢ ᠬᠠᠮᠠᠭᠠᠯᠠᠬᠤ ᠬᠠᠷᠠᠭᠤᠯ ᠤᠨ ᠭᠠᠵᠠᠷ ᠢ ᠨᠡᠮᠡᠨ ᠲᠣᠬᠢᠷᠠᠭᠤᠯᠵᠤ᠂ ᠰᠢᠯᠭᠠᠯᠲᠠ ᠶᠢᠨ ᠲᠠᠯᠠᠪᠠᠢ ᠶᠢᠨ ᠡᠷᠭᠢᠨ ᠲᠣᠭᠤᠷᠢᠨ ᠤ ᠵᠠᠮ ᠬᠠᠷᠢᠯᠴᠠᠭ᠎ᠠ ᠶᠢ ᠵᠢᠯᠣᠭᠤᠳᠤᠨ ᠰᠢᠯᠤᠭᠤᠳᠬᠠᠬᠤ ᠶᠢ ᠴᠢᠩᠭᠠᠳᠬᠠᠨ᠎ᠠ᠃ ᠰᠢᠯᠭᠠᠯᠲᠠ  ᠶᠢᠨ ᠲᠠᠯᠠᠪᠠᠢ ᠶᠢᠨ ᠡᠷᠭᠢᠨ ᠲᠣᠭᠤᠷᠢᠨ ᠤ ᠮᠠᠰᠢᠨ ᠲᠡᠷᠭᠡ ᠶᠢᠨ ᠵᠣᠭᠰᠣᠭᠠᠯ ᠤᠨ ᠡᠬᠢ ᠪᠠᠶᠠᠯᠢᠭ ᠢ ᠭᠦᠢᠴᠡᠳ ᠠᠭᠤᠳᠠᠯᠤᠨ᠂ ᠲᠦᠷ ᠴᠠᠭ ᠤᠨ ᠮᠠᠰᠢᠨ ᠲᠡᠷᠭᠡ ᠶᠢᠨ ᠵᠣᠭᠰᠣᠭᠠᠯ ᠭᠠᠷᠭᠠᠨ᠎ᠠ᠃ ᠰᠠᠶᠢᠨ ᠲᠤᠷᠠᠴᠤᠳ ᠪᠣᠯᠣᠨ ᠲᠦᠷᠢᠶᠡᠰᠦᠨ ᠮᠠᠰᠢᠨ ᠲᠡᠷᠭᠡ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ᠂ ᠬᠠᠯᠠᠭᠤᠨ ᠰᠡᠳᠬᠢᠯ ᠢᠶᠠᠷ ᠰᠢᠯᠭᠠᠭᠤᠯᠤᠭᠰᠠᠳ ᠢ ᠬᠦᠷᠭᠡᠬᠦ ᠦᠢᠯᠡᠴᠢᠯᠡᠭᠡ ᠬᠠᠩᠭᠠᠨ᠎ᠠ᠃ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠨ᠎ᠠ᠃ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠲᠥᠬᠦᠭᠡᠷᠦᠮᠵᠢ ᠶᠢ ᠰᠢᠯᠢᠳᠡᠭᠵᠢᠭᠦᠯᠦᠨ᠎ᠡ᠃ ᠰᠠᠨᠠᠭᠠᠴᠢᠯᠠᠭ᠎ᠠ ᠠᠴᠠ ᠪᠠᠨ ᠬᠠᠪᠰᠤᠷᠤᠯᠭ᠎ᠠ ᠦᠵᠡᠭᠦᠯᠵᠦ᠂ ᠰᠢᠯᠭᠠᠭᠤᠯᠤᠭᠴᠢ ᠲᠠᠢ ᠬᠤᠯᠪᠣᠭᠳᠠᠭᠰᠠᠨ ᠵᠠᠮ ᠬᠠᠷᠢᠯᠴᠠᠭᠠᠨ ᠤ ᠠᠳᠡᠯ ᠭᠠᠷᠤᠭᠰᠠᠨ ᠪᠠᠶᠢᠪᠠᠯ ᠨᠢᠭᠡᠳᠦᠭᠡᠷ ᠹᠷᠤᠨᠲ  ᠤᠨ ᠴᠠᠭᠳᠠᠭ᠎ᠠ ᠨᠠᠷ ᠪᠠᠷᠢᠨ ᠬᠥᠳᠡᠯᠦᠯᠴᠡᠵᠦ ᠲᠦᠷᠭᠡᠨ ᠰᠢᠢᠳᠪᠦᠷᠢᠯᠡᠵᠦ᠂ ᠴᠢᠬᠤᠯᠠᠲᠠᠢ ᠦᠶ᠎ᠡ ᠳᠤ ᠮᠠᠰᠢᠨ ᠲᠡᠷᠭᠡ ᠬᠠᠪᠰᠤᠷᠤᠨ ᠬᠠᠷᠢᠯᠴᠠᠵᠤ ᠰᠢᠯᠭᠠᠭᠤᠯᠤᠭᠴᠢ ᠶᠢ ᠰᠢᠯᠵᠢᠭᠦᠯᠦᠨ ᠭᠦᠷᠭᠡᠨ᠎ᠡ᠃ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠲᠣᠭᠲᠠᠴᠠ ᠶᠢ ᠪᠠᠶᠢᠭᠤᠯᠤᠨ᠂ ᠭᠡᠨᠡᠳᠲᠡ ᠶᠢᠨ ᠪᠠᠶᠢᠳᠠᠯ ᠭᠠᠷᠪᠠᠯ ᠴᠠᠭ ᠲᠤᠬᠠᠢ ᠳᠤᠨᠢ ᠲᠤᠰᠬᠠᠯ ᠭᠠᠷᠭᠠᠵᠤ᠂ ᠰᠢᠯᠭᠠᠭᠤᠯᠤᠭᠰᠠᠳ ᠤᠨ ᠠᠮᠤᠷ ᠲᠦᠪᠰᠢᠨ ᠢ ᠪᠠᠳᠤᠯᠠᠨ᠎ᠠ᠃ ᠪᠣᠬᠢᠷᠳᠤᠯ ᠦᠭᠡᠢ ᠪᠠᠷ ᠭᠠᠳᠠᠭᠰᠢ ᠭᠠᠷᠬᠤ  ᠶᠢ ᠵᠣᠷᠢᠭᠵᠢᠭᠤᠯᠵᠤ᠂ ᠰᠢᠯᠭᠠᠭᠤᠯᠤᠭᠴᠢ ᠪᠣᠯᠣᠨ ᠭᠡᠷ ᠤᠨ ᠠᠬᠠᠮᠠᠳ ᠤᠨ ᠶᠠᠪᠠᠭᠠᠨ ᠢᠶᠠᠷ ᠶᠠᠪᠤᠬᠤ᠂ ᠳᠤᠭᠤᠢ ᠤᠨᠤᠬᠤ ᠵᠡᠷᠭᠡ ᠭᠡᠯᠪᠡᠷᠢ ᠶᠢ ᠰᠣᠩᠭᠤᠨ ᠪᠣᠬᠢᠷᠳᠤᠯ ᠦᠭᠡᠢ ᠪᠠᠷ ᠭᠠᠳᠠᠭᠰᠢ ᠭᠠᠷᠬᠤ ᠶᠢ ᠰᠠᠨᠠᠭᠠᠴᠢᠯᠠᠨ᠎ᠠ᠃ ᠵᠠᠮ ᠬᠠᠷᠢᠯᠴᠠᠭ᠎ᠠ ᠪᠣᠯᠣᠨ ᠴᠠᠭ ᠠᠭᠤᠷ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠵᠡᠷᠭᠡ ᠪᠤᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1