ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 7 ᠳ᠋ᠤᠭᠠᠷ ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠡᠩᠬᠡ | ᠲᠠᠶᠢᠪᠤᠩ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠢ ᠨᠡᠶᠢᠲᠡᠯᠡᠭᠰᠡᠨ 70 ᠵᠢᠯ ᠤᠨ ᠣᠢ ᠶᠢ ᠳᠤᠷᠠᠰᠬᠠᠬᠤ ᠶᠡᠭᠡ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠨᠠᠨ ᠤ ᠶᠤᠸᠠᠢ ᠶᠠᠩ ᠬᠤᠲᠠ ᠶᠢᠨ ᠬᠤᠸᠠ ᠷᠦᠩ | ᠰᠢᠶᠠᠨ ᠤ ᠲᠤᠸᠠᠨ ᠵᠧᠦ ᠳᠠᠯᠠᠩ ᠤᠨ ᠳ᠋ᠦᠩ ᠲᠢᠩ ᠬᠤ᠋ ᠨᠠᠭᠤᠷ ᠤᠨ ᠡᠮᠦᠨ᠎ᠡ ᠹᠷᠣᠨᠲ ᠤᠨ ᠬᠠᠰᠢᠯᠭ᠎ᠠ | ᠰᠡᠲᠡᠷᠡᠭᠰᠡᠨ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ | ︽ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ | ᠬᠠᠷᠢᠭᠤᠴᠠᠯᠭ᠎ᠠ︾ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠢᠵᠢᠮ᠂ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ | ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠢ | ᠭᠠᠳᠠᠭᠠᠳᠤ ᠬᠠᠷᠢᠯᠴᠠᠭ᠎ᠠ ᠪᠣᠯᠤᠨ ᠭᠠᠳᠠᠭᠠᠳᠤ ᠨᠡᠭᠡᠭᠡᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠᠷ ᠭᠤᠣᠯᠳᠠᠭᠤᠯᠵᠤ᠂ | ᠤᠬᠠᠮᠰᠠᠷ ᠠᠴᠠ ᠪᠠᠨ ᠮᠠᠨ ᠤ ᠤᠯᠤᠰ ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ | ᠪᠠᠶᠢᠯᠳᠤᠬᠤ ᠪᠤᠳᠤᠯᠭ᠎ᠠ ᠶᠢᠨ ᠦᠨᠳᠦᠷᠴᠡ ᠳᠤ ᠵᠣᠭᠰᠣᠵᠤ᠂ ᠭᠠᠳᠠᠭᠠᠳᠤ ᠨᠡᠬᠡᠬᠡᠯᠳᠡ ᠶᠢᠨ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠲᠠᠢ ᠢᠳᠡᠪᠬᠢᠲᠡᠶ ᠬᠠᠮᠵᠢᠯᠴᠠᠨ | ᠴᠢᠯᠥᠭᠡᠲᠦ ᠠᠷᠠᠯᠵᠢᠶᠠᠨ ᠤ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠵᠦ᠂ ᠣᠷᠣᠨ ᠪᠠᠶᠢᠷᠢ ᠶᠢᠨ | ᠳᠠᠪᠠᠭᠤᠯᠢᠭ ᠲᠠᠭᠠᠨ ᠲᠦᠰᠢᠭᠯᠡᠨ᠂ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠪᠠ ᠠᠭᠠᠷ ᠤᠨ ᠭᠠᠷᠠᠮ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠣᠷᠣᠨ ᠪᠦᠰᠡ ᠶᠢᠨ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ | ᠨᠥᠯᠥᠭᠡᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠮᠠᠨ ᠤ ᠬᠤᠲᠠ ᠶᠢᠨ ᠰᠦ ᠶᠢᠨ ᠦᠢᠯᠡᠰ᠂ ᠴᠠᠬᠢᠭᠤᠷ ᠤᠨ | ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠵᠢᠴᠢ ᠬᠢᠯᠢ ᠠᠯᠤᠰᠯᠠᠭᠰᠠᠨ ᠡᠯᠧᠺᠲᠷᠣᠨ | ᠬᠤᠳᠠᠯᠳᠤᠭ᠎ᠠ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠵᠡᠷᠭᠡ ᠬᠦᠷᠢᠶᠡᠨ ᠳᠠᠬᠢ ᠭᠠᠳᠠᠭᠠᠳᠤ | ᠠᠷᠠᠯᠵᠢᠶᠠᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶ ᠬᠡᠮᠵᠢᠶ᠎ᠡ ᠶᠢ | ᠲᠠᠰᠤᠷᠠᠯᠲᠠ ᠥᠬᠡᠶ ᠪᠤᠵᠠᠭᠠᠶᠢᠷᠠᠭᠤᠯᠬᠤ ᠬᠡᠷᠡᠭᠲᠡᠢ᠃ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ | ᠦᠶᠡᠷ ᠢ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠠᠭ ᠠᠭᠤᠷ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠠᠭᠤᠯᠠ ᠶᠢᠨ ᠦᠶᠡᠷ ᠤᠨ ᠭᠤᠤ᠂ ᠤᠰᠤᠨ | ᠴᠥᠭᠦᠷᠥᠮ᠂ ᠭᠸᠥᠯᠥᠭᠢ ᠶᠢᠨ ᠭᠠᠮᠰᠢᠭ ᠤᠨ ᠭᠡᠮ ᠰᠣᠭᠤᠭ ᠤᠨ ᠴᠡᠭ᠂ ᠬᠤᠳᠠ ᠪᠠᠯᠭᠠᠰᠤᠨ ᠤ ᠠᠮᠠᠷᠬᠠᠨ | ᠤᠰᠤᠲᠤᠬᠤ ᠭᠠᠵᠠᠷ᠂ ᠭᠠᠵᠠᠷ ᠳᠣᠣᠷᠠᠬᠢ ᠬᠤᠳᠠᠯᠳᠤᠭᠠᠨ ᠤ ᠲᠠᠯᠠᠪᠠᠢ ᠵᠡᠷᠭᠡ ᠭᠤᠣᠯᠳᠠᠯᠭ᠎ᠠ ᠲᠠᠢ ᠭᠠᠵᠠᠷ ᠤᠨ ᠠᠶᠤᠯ | ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠣᠳᠠᠲᠠᠢ ᠠᠳᠬᠤᠵᠤ᠂ ᠪᠠᠴᠢᠮ ᠪᠠᠶᠢᠳᠠᠯ ᠢ | ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠤᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠦᠨᠳᠦᠰᠦᠨ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ | ᠨᠠᠷᠢᠨ ᠣᠶᠢᠯᠠᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠶᠠᠯᠳᠤᠭᠤᠯᠬᠤ ᠪᠠ | ᠠᠭᠤᠰᠤᠯᠴᠠᠭᠤᠯᠬᠤ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠭᠤᠣᠯ ᠰᠢᠵᠢᠮ ᠢ ᠲᠤᠭᠤᠰᠢᠯᠠᠭᠤᠯᠬᠤ ᠪᠠ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠣᠷᠭᠠᠨᠢᠭ ᠢᠶᠠᠷ ᠨᠢᠭᠡᠳᠬᠡᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢ ᠡᠭᠦᠳᠦᠨ ᠪᠠᠶᠢᠭᠤᠯᠬᠤ᠂ ᠤᠮᠠᠷᠠᠲᠤ ᠶᠢᠨ ᠰᠣᠶᠣᠯ ᠤᠨ ᠪᠠᠶᠢᠭᠤᠯᠤᠯᠲᠠ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠭᠤᠣᠯ ᠰᠢᠵᠢᠮ ᠢ | ᠡᠯ᠎ᠡ ᠵᠦᠢᠯ ᠤᠨ ᠠᠵᠢᠯ ᠤᠨ ᠪᠦᠬᠦ ᠶᠠᠪᠤᠴᠠ ᠡᠯ᠎ᠡ ᠭᠤᠭᠴᠤᠭ᠎ᠠ ᠳᠤ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ᠂ ᠰᠤᠷᠭᠠᠨ ᠬᠥᠮᠦᠵᠢᠯ ᠢ ᠶᠡᠬᠡᠪᠡᠷ ᠠᠳᠬᠤᠬᠤ ᠲᠣᠭᠲᠠᠯ ᠬᠦᠴᠦᠨ ᠢᠶᠠᠨ | ᠦᠷᠭᠦᠯᠵᠢᠯᠡᠨ ᠪᠠᠲᠤᠯᠠᠵᠤ᠂ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠤᠳᠠᠭᠠᠨ ᠳᠠᠭᠠᠭᠠᠮᠠᠭᠠᠢ ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠤᠨᠢᠨ ᠳᠡᠭᠡᠷ᠎ᠡ ᠨᠢ ᠪᠠᠶᠢᠷᠢᠰᠢᠭᠤᠯᠵᠤ᠂ ᠴᠢᠨᠠᠷ ᠰᠠᠶᠢᠲᠠᠢ | ᠲᠡᠩᠴᠡᠭᠦᠷᠢᠲᠡᠢ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ | ᠪᠠᠭᠰᠢ ᠡᠯᠰᠡᠬᠦ ᠪᠣᠭᠤᠮᠲᠠ ᠶᠢ ᠣᠨᠣᠪᠴᠢᠲᠠᠢ ᠡᠵᠡᠮᠳᠡᠵᠦ᠂ ᠰᠢᠯᠢᠳᠡᠭ ᠪᠠᠭᠰᠢ ᠶᠢ ᠲᠠᠲᠠᠨ ᠠᠪᠴᠢᠷᠠᠵᠤ ᠬᠥᠮᠦᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠰᠤᠷᠭᠠᠭᠤᠯᠢ ᠶᠢᠨ ᠵᠠᠬᠢᠷᠤᠯ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠶᠠᠰᠤ ᠴᠢᠨᠠᠷ ᠪᠣᠯᠤᠨ ᠵᠢᠭᠠᠨ ᠰᠤᠷᠭᠠᠯᠲᠠ ᠶᠢᠨ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ | ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠥᠷᠭᠡᠨ ᠤᠯᠠᠨ ᠪᠠᠭᠰᠢ ᠰᠤᠷᠤᠭᠴᠢᠳ ᠲᠤ ᠠᠮᠤᠷ ᠲᠦᠪᠰᠢᠨ | ᠰᠠᠶᠢᠨ ᠰᠠᠶᠢᠬᠠᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠦᠨᠡᠨᠬᠦ ᠬᠠᠩᠭᠠᠬᠤ ᠬᠡᠷᠡᠭᠲᠡᠢ᠃ |