︵ᠰᠤᠷᠪᠤᠯᠵᠢᠯᠠᠭᠴᠢ ᠯᠢᠦ ᠯᠢ ᠰᠢᠶᠠ︶ 7 ᠳ᠋ᠤᠭᠠᠷ ᠰᠠᠷ᠎ᠠ ᠶᠢᠨ 4 ᠤ ᠡᠳᠦᠷ᠂ ᠤᠯᠤᠰ ᠤᠨ ᠡᠳ᠋ ᠤᠨ | ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠠᠽᠢᠶ᠎ᠠ ᠲᠢᠪ ᠤᠨ | ᠨᠡᠭᠡᠭᠡᠨ ᠬᠥᠭᠵᠢᠭᠦᠯᠬᠦ ᠪᠠᠩᠬᠢ ᠶᠢᠨ ᠬᠠᠮᠲᠤᠷᠠᠨ ᠡᠷᠭᠢᠯᠡᠭᠰᠡᠨ 2024 ᠣᠨ ᠤ ᠠᠽᠢᠶ᠎ᠠ ᠲᠢᠪ ᠤᠨ ᠪᠠᠩᠬᠢ— | ᠳᠤᠮᠳᠠᠳᠤ ᠤᠯᠤᠰ ᠤᠨ ᠤᠯᠤᠰ ᠤᠨ ᠢᠯᠭᠠᠯ ᠤᠨ ᠲᠥᠷᠥᠯ ᠵᠦᠢᠯ ᠤᠨ ᠪᠠᠶᠢᠴᠠᠭᠠᠯᠲᠠ ᠶᠢᠨ ᠰᠤᠳᠤᠯᠤᠨ ᠶᠠᠷᠢᠯᠴᠠᠬᠤ | ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ 2023 ᠣᠨ ᠤ ᠬᠠᠮᠤᠭ ᠤᠨ ᠰᠠᠶᠢᠨ ᠢᠯᠡᠷᠡᠯ ᠲᠠᠢ | ᠵᠢᠭᠡᠯᠡᠯᠭᠡ ᠶᠢᠨ ᠲᠥᠷᠥᠯ ᠵᠦᠢᠯ ᠤᠨ ᠱᠠᠩᠨᠠᠯ ᠣᠯᠭᠤᠬᠤ ᠶᠣᠰᠣᠯᠠᠯ ᠶᠠᠪᠤᠭᠤᠯᠵᠤ᠂ ᠬᠥᠬᠡᠬᠤᠲᠠ ᠶᠢᠨ | ᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠥᠪᠥᠷ ᠮᠣᠩᠭᠤᠯ ᠤᠨ ᠬᠥᠬᠡᠬᠤᠲᠠ ᠶᠢᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠵᠤ ᠢᠯᠴᠢ ᠬᠠᠩᠭᠠᠬᠤ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ ᠶᠢᠨ | ᠲᠥᠷᠥᠯ ᠵᠦᠢᠯ ᠨᠢ ᠪᠥᠬᠦ ᠤᠯᠤᠰ ᠤᠨ 90 ᠭᠠᠷᠤᠶ ᠲᠥᠷᠥᠯ ᠵᠦᠢᠯ ᠤᠨ ᠳᠤᠮᠳᠠ ᠠᠴᠠ ᠴᠣᠯᠭᠤᠷᠠᠨ ᠭᠠᠷᠴᠤ᠂ | ᠠᠽᠢᠶ᠎ᠠ ᠲᠢᠪ ᠤᠨ ᠨᠡᠭᠡᠭᠡᠨ ᠬᠥᠭᠵᠢᠭᠦᠯᠬᠦ ᠪᠠᠩᠬᠢ ᠶᠢᠨ 2023 ᠣᠨ ᠤ ᠬᠠᠮᠤᠭ ᠤᠨ ᠰᠠᠶᠢᠨ ᠢᠯᠡᠷᠡᠯ ᠲᠠᠢ ᠲᠥᠷᠥᠯ | ᠵᠦᠢᠯ ᠤᠨ ᠱᠠᠩᠨᠠᠯ ᠢ ᠭᠥᠷᠳᠡᠪᠡ᠃ ᠡᠨᠡ ᠪᠣᠯ ᠥᠪᠥᠷ ᠮᠣᠩᠭᠤᠯ ᠤᠨ ᠲᠥᠷᠥᠯ ᠵᠦᠢᠯ ᠠᠩᠬ᠎ᠠ ᠤᠳᠠᠭ᠎ᠠ ᠱᠠᠩᠨᠠᠯ | ᠣᠯᠤᠭᠰᠠᠨ ᠪᠥᠭᠡᠳ ᠪᠥᠬᠦ ᠤᠯᠤᠰ ᠤᠨ ᠠᠩᠬᠠᠳᠠᠭᠴᠢ ᠢᠯᠴᠢ ᠬᠠᠩᠭᠠᠬᠤ ᠲᠥᠷᠥᠯ ᠵᠦᠢᠯ ᠱᠠᠩᠨᠠᠯ ᠣᠯᠤᠭᠰᠠᠨ | ᠶᠠᠪᠤᠳᠠᠯ ᠪᠣᠯᠤᠨ᠎ᠠ᠂ ᠥᠪᠥᠷ ᠮᠣᠩᠭᠤᠯ ᠤᠨ ᠲᠥᠷᠥᠯ ᠵᠦᠢᠯ ᠤᠨ ᠠᠽᠢᠶ᠎ᠠ ᠲᠢᠪ ᠤᠨ ᠪᠠᠩᠬᠢ ᠪᠠ ᠪᠥᠬᠦ ᠤᠯᠤᠰ ᠤᠨ | ᠬᠤᠶᠠᠷ ᠶᠡᠭᠡ ᠰᠢᠪᠲᠤᠯᠤᠯᠲᠠ ᠶᠢ ᠪᠡᠶᠡᠯᠡᠭᠦᠯᠪᠡ᠃ | ᠬᠥᠬᠡᠬᠤᠲᠠ ᠶᠢᠨ ᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠠᠽᠢᠶ᠎ᠠ ᠲᠢᠪ ᠤᠨ | ᠪᠠᠩᠬᠢ ᠶᠢᠨ ᠵᠢᠭᠡᠯᠡᠯᠭᠡ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 24.29 ᠳ᠋ᠦᠩᠰᠢᠭᠤᠷ | ᠲᠥᠭᠦᠷᠢᠭ ᠲᠤ ᠬᠦᠷᠴᠦ᠂ ᠡᠭᠦᠨ ᠳᠤ ᠠᠽᠢᠶ᠎ᠠ ᠲᠢᠪ ᠤᠨ ᠪᠠᠩᠬᠢ ᠶᠢᠨ ᠵᠢᠭᠡᠯᠡᠯᠭᠡ 1.5 ᠳ᠋ᠦᠩᠰᠢᠭᠤᠷ ᠳ᠋ᠣᠯᠯᠠᠷ ᠢ | ᠠᠰᠢᠭᠯᠠᠵᠤ᠂ 2016 ᠣᠨ ᠳᠤ ᠪᠠᠷᠢᠯᠭ᠎ᠠ ᠡᠬᠢᠯᠡᠭᠦᠯᠦᠨ ᠪᠦᠲᠦᠭᠡᠨ ᠪᠠᠢᠭᠤᠯᠵᠤ᠂ ᠵᠢᠨᠴᠢᠶᠣᠣ ᠤᠷᠬᠢᠯ ᠢ | ᠲᠤᠬᠢᠷᠠᠭᠤᠯᠬᠤ ᠢᠯᠴᠢ ᠶᠢᠨ ᠦᠢᠯᠡᠳᠪᠦᠷᠢ᠂ ᠬᠠᠭᠤᠴᠢᠨ ᠠᠶᠢᠯ ᠢᠯᠴᠢ ᠶᠢᠨ ᠦᠢᠯᠡᠳᠪᠦᠷᠢ ᠶᠢ ᠰᠢᠨ᠎ᠡ ᠪᠠᠷ | ᠪᠠᠢᠭᠤᠯᠵᠤ᠂ ᠰᠢᠨ ᠵᠢᠶᠠ ᠶᠢᠩ ᠢᠯᠴᠢ ᠶᠢᠨ ᠦᠢᠯᠡᠳᠪᠦᠷᠢ ᠶᠢ ᠥᠷᠭᠡᠳᠭᠡᠨ ᠪᠠᠢᠭᠤᠯᠵᠤ᠂ ᠬᠤᠷᠢᠨᠬᠡᠷ ᠰᠢᠶᠠᠨ ᠤ | ᠵᠢᠩ ᠨᠧᠩ ᠱᠸᠡᠩ ᠯᠧ ᠢᠯᠴᠢ ᠶᠢᠨ ᠴᠠᠬᠢᠯᠭᠠᠨ ᠤ ᠦᠢᠯᠡᠳᠪᠦᠷᠢ ᠠᠴᠠ ᠬᠥᠬᠡᠬᠤᠲᠠ ᠶᠢᠨ ᠲᠣᠭᠤᠷᠢᠭ ᠬᠦᠷᠬᠦ | ᠴᠠᠬᠢᠯᠭᠠᠨ ᠳᠠᠮᠵᠢᠭᠤᠯᠬᠤ ᠬᠤᠭᠤᠯᠠᠢ ᠱᠤᠭᠤᠮ ᠢ ᠰᠢᠨ᠎ᠡ ᠪᠠᠷ ᠪᠠᠢᠭᠤᠯᠵᠤ᠂ ᠢᠯᠴᠢ ᠬᠠᠩᠭᠠᠬᠤ ᠴᠢᠳᠠᠪᠤᠷᠢ ᠶᠢ | 2971.13 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠲᠤᠰ ᠲᠥᠷᠥᠯ ᠵᠦᠢᠯ ᠨᠢ | ᠬᠥᠬᠡᠬᠤᠲᠠ ᠶᠢᠨ ᠢᠯᠴᠢ ᠬᠠᠩᠭᠠᠬᠤ ᠬᠡᠷᠡᠭᠴᠡᠭᠡ ᠶᠢ ᠪᠦᠲᠦᠮᠵᠢᠲᠡᠢ ᠰᠢᠢᠳᠪᠦᠷᠢᠯᠡᠵᠦ᠂ ᠡᠭᠦᠨ ᠤ ᠬᠠᠮᠲᠤ ᠠᠭᠠᠷ ᠤᠨ | ᠶᠠᠰᠤ ᠴᠢᠨᠠᠷ ᠢ ᠰᠠᠶᠢᠵᠢᠷᠠᠭᠤᠯᠵᠤ᠂ ᠠᠭᠠᠷ ᠮᠠᠨᠳᠠᠯ ᠤᠨ ᠪᠤᠬᠢᠷᠳᠠᠯ ᠢ ᠪᠠᠭᠠᠰᠬᠠᠵᠤ᠂ ᠨᠡᠶᠢᠭᠡᠮ ᠤᠨ ᠦᠷ᠎ᠡ ᠠᠰᠢᠭ | ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠠᠰᠢᠭ ᠮᠠᠰᠢ ᠢᠯᠡᠷᠬᠡᠶ ᠪᠠᠶᠢᠵᠤ᠂ ᠥᠪᠥᠷ ᠮᠣᠩᠭᠤᠯ | ᠴᠢᠨᠠᠭᠰᠢᠯᠠᠪᠠᠯ ᠪᠦᠬᠦ ᠤᠯᠤᠰ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ | ᠪᠦᠲᠦᠮᠵᠢᠲᠡᠶ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠬᠠᠩᠭᠠᠬᠤ ᠪᠣᠯᠣᠨ᠎ᠠ᠃ |