︵ᠰᠤᠷᠪᠤᠯᠵᠢᠯᠠᠭᠴᠢ ᠯᠢᠶᠠᠩ ᠵᠢᠩ ᠱᠥ︶ ᠰᠤᠷᠪᠤᠯᠵᠢᠯᠠᠭᠴᠢ ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ | ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ ᠲᠥᠪ ᠠᠴᠠ ᠣᠶᠢᠯᠠᠭᠠᠭᠰᠠᠨ ᠢᠶᠠᠷ᠂ 7 ᠳ᠋ᠤᠭᠠᠷ | ᠰᠠᠷ᠎ᠠ ᠶᠢᠨ 10 ᠤ ᠡᠳᠦᠷ᠂ ᠨᠠᠢᠮᠠᠳᠤᠭᠠᠷ ᠬᠤᠭᠤᠴᠠᠭᠠᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠶᠡᠭᠡ ᠬᠤᠷᠠᠯ ᠵᠢᠴᠢ 12345 ᠬᠠᠯᠠᠮᠰᠢᠯ ᠤᠳᠠᠰᠤᠨ | ᠳᠤ ᠰᠢᠨ᠎ᠡ ᠴᠢᠨᠠᠷ ᠤᠨ ᠬᠦᠴᠦᠨ ᠤᠯᠭᠤᠵᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠬᠦ ᠶᠡᠭᠡ ᠬᠤᠷᠠᠯ ᠬᠠᠶᠢᠨᠠᠨ ᠮᠤᠵᠢ ᠶᠢᠨ ᠰᠠᠨᠶᠠ ᠬᠤᠲᠠ ᠳᠤ ᠬᠤᠷᠠᠯᠳᠤᠪᠠ᠃ | ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ ᠲᠣᠬᠢᠷᠠᠭᠤᠯᠬᠤ | ᠲᠥᠪ ︽ᠠᠷᠠᠳ ᠲᠦᠮᠡᠨ ᠳᠤ ᠦᠢᠯᠡᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠪᠠᠨ ᠰᠢᠯᠢᠳᠡᠭ ᠥᠯᠢᠭᠡᠷ | ᠳᠠᠭᠤᠷᠢᠶᠠᠯ︾ ᠤᠨ ᠱᠠᠩᠨᠠᠯ ᠢ ᠬᠦᠷᠲᠡᠪᠡ᠃ ᠶᠡᠭᠡ ᠬᠤᠷᠠᠯ ᠠᠴᠠ ᠪᠠᠰᠠ 2024 ᠣᠨ ᠤ ᠪᠥᠬᠦ ᠤᠯᠤᠰ ᠤᠨ 349 | ᠬᠠᠯᠠᠮᠰᠢᠯ ᠤᠲᠠᠰᠤ ᠶᠢᠨ ᠠᠵᠢᠯᠯᠠᠭᠠᠨ ᠤ ᠶᠠᠰᠤ ᠴᠢᠨᠠᠷ ᠢ ᠬᠢᠨᠠᠨ ᠬᠡᠮᠵᠢᠭᠰᠡᠨ ᠬᠢᠷᠢ ᠪᠦᠲᠦᠮᠵᠢ ᠶᠢ ᠨᠡᠶᠢᠲᠡᠯᠡᠵᠦ᠂ | ᠬᠥᠬᠡᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠨᠢ ᠪᠥᠬᠦ ᠳᠡᠳ᠋ ᠮᠤᠵᠢ ᠶᠢᠨ ᠲᠠᠰ ᠤᠨ ᠬᠤᠲᠠ ᠪᠠ ᠮᠤᠵᠢ ᠶᠢᠨ ᠲᠥᠪ ᠬᠤᠲᠠ ᠶᠢᠨ ᠳᠣᠲᠣᠷ᠎ᠠ | ᠳᠣᠯᠣᠳᠤᠭᠠᠷ ᠲᠤ ᠣᠷᠣᠪᠠ᠃ | ᠲᠣᠰ ᠤᠳᠠᠭᠠᠨ ᠤ ᠶᠡᠭᠡ ᠬᠤᠷᠠᠯ ᠨᠢ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠠᠷᠠᠳ | ᠲᠦᠮᠡᠨ ᠳᠤ ᠦᠢᠯᠡᠴᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ︾ ᠪᠠᠷ ᠭᠤᠤᠯ ᠰᠡᠳᠦᠪ ᠪᠣᠯᠭᠠᠵᠤ᠂ ᠪᠥᠬᠦ | ᠤᠯᠤᠰ ᠤᠨ ᠡᠯ᠎ᠡ ᠭᠠᠵᠠᠷ ᠤᠨ ᠡᠯ᠎ᠡ ᠱᠠᠲᠤᠨ ᠤ ᠰᠢᠯᠢᠳᠡᠭ ᠬᠠᠯᠠᠮᠰᠢᠯ ᠤᠲᠠᠰᠤ ᠶᠢᠨ ᠨᠢᠭᠡᠴᠢ ᠪᠠ 12345 | ᠬᠠᠯᠠᠮᠰᠢᠯ ᠤᠲᠠᠰᠤ ᠶᠢᠨ ᠲᠤᠰᠬᠠᠶ ᠮᠡᠷᠭᠡᠵᠢᠯᠲᠡᠨ ᠢ ᠤᠷᠢᠵᠤ ᠣᠯᠠᠨ ᠲᠠᠢ ᠠᠵᠢᠯ ᠤᠨ ᠲᠤᠷᠰᠢᠯᠭ᠎ᠠ ᠪᠠᠨ | ᠬᠤᠪᠢᠶᠠᠯᠴᠠᠵᠤ᠂ ᠬᠠᠯᠠᠮᠰᠢᠯ ᠤᠲᠠᠰᠤ ᠶᠢᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠨᠡᠶᠢᠲᠡᠯᠢᠭ ᠴᠢᠨᠠᠷᠲᠠᠶ | ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠲᠥᠰᠦᠯ ᠢ ᠵᠥᠪᠳᠡᠯᠴᠡᠨ ᠶᠠᠷᠢᠯᠴᠠᠬᠤ ᠶᠢᠨ ᠬᠠᠮᠲᠤ᠂ 12345 | ᠬᠠᠯᠠᠮᠰᠢᠯ ᠤᠲᠠᠰᠤ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠬᠦ ᠶᠢᠨ ᠲᠣᠭᠤᠷᠢᠨ ᠳᠤ ᠲᠤᠭᠤᠷᠢᠭ ᠰᠢᠷᠡᠭᠡᠨ ᠤ ᠶᠠᠷᠢᠶᠠᠨ ᠤ ᠲᠠᠪᠴᠠᠩ ᠡᠷᠬᠢᠯᠡᠨ᠂ 12345 | ᠬᠠᠯᠠᠮᠰᠢᠯ ᠤᠲᠠᠰᠤ ᠨᠢ ᠠᠵᠤ ᠠᠬᠤᠶᠢᠯᠠᠯ ᠳᠤ ᠦᠢᠯᠡᠴᠢᠯᠡᠬᠦ ᠰᠢᠨ᠎ᠡ ᠠᠮᠢ ᠠᠬᠤᠶ ᠶᠢ ᠪᠠᠶᠠᠯᠢᠭᠵᠢᠭᠤᠯᠬᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠷ ᠬᠠᠯᠠᠮᠰᠢᠯ ᠤᠲᠠᠰᠤ ᠶᠢ ᠬᠦᠭᠵᠢᠬᠦᠯᠬᠦ ᠲᠤᠬᠠᠢ ᠬᠠᠶᠢᠨ | ᠰᠦᠪᠡᠭᠴᠢᠯᠡᠵᠦ᠂ 12345 ᠬᠠᠯᠠᠮᠰᠢᠯ ᠤᠲᠠᠰᠤ ᠶᠢ ᠦᠨᠳᠦᠰᠦᠨ ᠱᠠᠲᠤᠨ ᠤ ᠵᠠᠰᠠᠯᠲᠠ ᠲᠠᠢ ᠨᠠᠩ ᠰᠠᠶᠢᠨ | ᠠᠭᠤᠰᠤᠯᠴᠠᠭᠤᠯᠵᠤ᠂ ᠬᠠᠯᠠᠮᠰᠢᠯ ᠤᠲᠠᠰᠤ ᠶᠢᠨ ᠬᠥᠭᠵᠢᠯᠲᠡ ᠳᠤ ᠴᠢᠨᠠᠷ ᠰᠠᠶᠢᠲᠠᠶ ᠡᠬᠢ ᠪᠠᠶᠠᠯᠢᠭ ᠢ ᠲᠥᠪᠯᠡᠷᠡᠭᠦᠯᠪᠡ᠃ | | ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ ᠶᠢ ᠵᠢᠯᠣᠭᠤᠳᠤᠨ | ᠲᠤᠬᠢᠷᠠᠭᠤᠯᠬᠤ ᠲᠥᠪ ᠠᠴᠠ ᠲᠤᠰ ᠤᠳᠠᠭ᠎ᠠ ᠶᠢᠨ ᠱᠠᠩᠨᠠᠯ ᠬᠦᠷᠳᠡᠬᠦ ᠪᠠᠷ ᠠᠵᠠ ᠲᠣᠬᠢᠶᠠᠯ ᠪᠣᠯᠭᠠᠵᠤ᠂ ᠪᠤᠰᠤᠳ | ᠭᠠᠵᠠᠷ ᠣᠷᠣᠨ ᠤ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠲᠡᠷᠢᠭᠦᠨ ᠤ ᠲᠤᠷᠰᠢᠯᠭ᠎ᠠ ᠪᠣᠯᠤᠨ ᠰᠠᠶᠢᠨ | ᠠᠷᠭ᠎ᠠ ᠬᠢᠳᠡᠯ ᠢ ᠰᠤᠷᠤᠯᠴᠠᠨ ᠲᠤᠯᠢᠳᠠᠵᠤ᠂ ᠠᠷᠭ᠎ᠠ ᠵᠠᠮ ᠢ ᠰᠢᠯᠤᠭᠤᠳᠬᠠᠵᠤ᠂ ᠦᠢᠯᠡᠴᠢᠯᠡᠭᠡ ᠶᠢ ᠰᠢᠯᠢᠳᠡᠭᠵᠢᠭᠦᠯᠵᠦ | ᠂ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠵᠦ᠂ | ᠬᠥᠬᠡᠬᠤᠲᠠ ᠶᠢᠨ 12345 ᠬᠠᠯᠠᠮᠰᠢᠯ ᠤᠲᠠᠰᠤ ᠶᠢᠨ ᠦᠷᠭᠦᠯᠵᠢᠯᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ |