ᠶᠣᠣ ᠭᠧᠦ ᠰᠢᠶᠠᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/11
     6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠶᠣᠣ ᠭᠧᠦ ᠰᠢᠶᠠᠩ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠪᠦᠷᠢᠯᠳᠦᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠲᠤᠰ ᠤᠳᠠᠭᠠᠨ ᠤ ᠬᠤᠷᠠᠯ ᠳᠤ ᠣᠷᠣᠯᠴᠠᠵᠤ᠂ ᠰᠢᠶᠠᠩ ᠤᠨ ᠨᠠᠮ ᠤᠨ ᠬᠤᠷᠢᠶᠠᠨ ᠤ ᠱᠦᠵᠢ ᠴᠢᠶᠣᠤ ᠵᠢᠶᠠᠨ ᠪᠢᠨ ᠬᠤᠷᠠᠯ ᠢ ᠡᠷᠬᠢᠯᠡᠪᠡ᠃      ᠬᠤᠷᠠᠯ ᠠᠴᠠ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ ᠶᠢᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠤᠬᠠᠢ ᠡᠯ᠎ᠡ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠪᠣᠯᠣᠨ ᠤᠯᠠᠷᠢᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠪᠦᠬᠦ ᠲᠠᠯ᠎ᠠ  ᠪᠠᠷ ᠵᠠᠳᠠᠯᠤᠯᠲᠠ ᠬᠢᠵᠦ᠂ ᠡᠭᠦᠨ ᠤ ᠬᠠᠮᠲᠤ ᠳᠠᠷᠠᠭᠠᠴᠢ ᠶᠢᠨ ᠤᠯᠠᠷᠢᠯ ᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯᠳᠠᠯᠭ᠎ᠠ ᠶᠢ ᠲᠥᠯᠥᠪᠵᠢᠭᠦᠯᠵᠦ᠂ ᠡᠯ᠎ᠡ ᠲᠣᠰᠬᠤᠨ ᠤ ᠬᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠲᠤᠰ ᠭᠠᠵᠠᠷ ᠣᠷᠣᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠲᠡᠦᠬᠡ ᠰᠣᠶᠣᠯ ᠤᠨ ᠡᠬᠢ ᠪᠠᠶᠠᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠤᠣᠯᠯᠠᠬᠤ ᠠᠵᠤ ᠦᠢᠯᠡᠰ ᠪᠣᠯᠣᠨ ᠬᠥᠭᠵᠢᠯᠲᠡ ᠶᠢᠨ ᠵᠠᠭᠪᠤᠷ ᠢ ᠲᠣᠭᠲᠠᠭᠠᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠦᠷᠭᠦᠯᠵᠢᠯᠡᠨ ᠴᠢᠩᠭᠠᠳᠬᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1