ᠴᠢᠩ ᠱᠦᠢ ᠾᠧ ᠰᠢᠶᠠᠨ ᠤ ᠰᠢᠨ᠎ᠡ ᠡᠨᠧᠷᠭᠢ ᠶᠢᠨ ᠮᠠᠲ᠋ᠧᠷᠢᠶᠠᠯ ᠪᠣᠯᠣᠨ ᠪᠣᠬᠢᠷᠲᠤᠯ ᠦᠭᠡᠢ ᠰᠢᠷᠬᠡᠭᠯᠢᠭ ᠢ ᠡᠷᠭᠢᠯᠳᠦᠭᠦᠯᠦᠨ ᠠᠰᠢᠭᠯᠠᠬᠤ ᠡᠬᠢ ᠰᠤᠷᠪᠤᠯᠵᠢ ᠶᠢ ᠲᠣᠣᠷᠵᠢᠭᠤᠯᠤᠨ ᠬᠠᠳᠠᠭᠠᠯᠠᠬᠤ ᠲᠦᠷᠦᠯ ᠵᠦᠢᠯ ᠪᠦᠬᠦ ᠲᠠᠯ᠎ᠠ ᠪᠠᠷ ᠠᠵᠢᠯ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/7/15
     ᠨᠡᠶᠢᠲᠡ 20 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠴᠢᠩ ᠱᠦᠢ ᠾᠧ ᠰᠢᠶᠠᠨ ᠤ ᠰᠢᠨ᠎ᠡ ᠡᠨᠧᠷᠭᠢ ᠶᠢᠨ ᠮᠠᠲ᠋ᠧᠷᠢᠶᠠᠯ ᠬᠢᠭᠡᠳ ᠪᠣᠬᠢᠷᠲᠤᠯ ᠦᠭᠡᠢ ᠰᠢᠷᠬᠡᠭᠯᠢᠭ ᠢ ᠡᠷᠭᠢᠯᠳᠦᠭᠦᠯᠦᠨ ᠠᠰᠢᠭᠯᠠᠬᠤ ᠡᠬᠢ ᠰᠤᠷᠪᠤᠯᠵᠢ ᠶᠢᠨ ᠲᠣᠥᠷᠵᠢᠭᠤᠯᠤᠨ ᠬᠠᠳᠠᠭᠠᠯᠠᠬᠤ ᠲᠥᠷᠥᠯ ᠵᠦᠢᠯ ᠢ ᠪᠥᠬᠦ ᠲᠠᠯ᠎ᠠ ᠪᠠᠷ ᠠᠵᠢᠯ ᠡᠬᠢᠯᠡᠭᠦᠯᠪᠡ᠃ ᠲᠣᠰ ᠲᠥᠷᠥᠯ ᠵᠦᠢᠯ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠨᠡᠪᠴᠢᠭᠦᠯᠬᠦ ᠠᠵᠤ ᠠᠬᠤᠶᠢᠯᠠᠯ ︱ ᠥᠪᠥᠷ ᠮᠣᠩᠭᠤᠯ ᠤᠨ ᠮᠧᠩ ᠨᠧᠩ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠴᠢᠩ ᠱᠦᠢ ᠾᠧ ᠰᠢᠶᠠᠨ ᠤ ᠠᠩᠬᠠᠳᠠᠭᠴᠢ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾ ᠲᠥᠷᠥᠯ ᠵᠦᠢᠯ ᠪᠣᠯᠣᠨ᠎ᠠ᠃ ︵ᠲᠤᠰ ᠲᠦᠷᠦᠯ ᠵᠦᠢᠯ ᠪᠣᠯ ᠴᠢᠩ ᠱᠦᠢ ᠾᠧ ᠰᠢᠶᠠᠨ ᠤ︽ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ︾ ᠢ ᠨᠡᠶᠢᠲᠡᠯᠡᠭᠰᠡᠨ ᠤ ᠳᠠᠷᠠᠭ᠎ᠠ︽ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠭᠯᠡᠭᠦᠷ︾ ᠢ ᠡᠬᠢᠯᠡᠭᠦᠯᠦᠭᠰᠡᠨ ᠤ ᠳᠠᠷᠠᠭᠠᠬᠢ ᠠᠩᠬᠠᠳᠠᠭᠴᠢ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾ᠲᠦᠷᠦᠯ ᠵᠦᠢᠯ ᠪᠣᠯᠣᠨ᠎ᠠ᠃ ᠴᠢᠩ ᠱᠦᠢ ᠾᠧ ᠰᠢᠶᠠᠨ ᠤ ︽ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ︾ ᠠᠷᠭ᠎ᠠ ᠮᠠᠶ᠋ᠢᠭ ᠨᠢ ᠦᠢᠯᠡᠴᠢᠯᠡᠭᠡᠨ ᠤ ᠠᠵᠤ ᠠᠬᠤᠶᠢᠯᠠᠯ ᠢᠶᠠᠷ ᠵᠠᠷᠴᠢᠮ ᠪᠣᠯᠭᠠᠵᠤ᠂ ᠰᠠᠯᠠᠭ᠎ᠠ ᠮᠥᠴᠢᠷ ᠤᠨ ︽ᠰᠠᠭᠤᠵᠤ ᠪᠠᠶᠢᠭᠠᠳ ᠬᠢᠨᠠᠨ ᠵᠥᠪᠰᠢᠶᠡᠷᠡᠬᠦ︾ ᠶᠢ ︽ᠰᠠᠨᠠᠭᠠᠴᠢᠯᠠᠭ᠎ᠠ ᠠᠴᠠ ᠪᠠᠨ ᠤᠷᠢᠳ ᠢᠶᠠᠷ ᠦᠢᠯᠡᠴᠢᠯᠡᠬᠦ︾ ᠪᠣᠯᠭᠠᠨ ᠬᠤᠪᠢᠷᠠᠭᠤᠯᠵᠤ᠂ ︽ᠤᠷᠢᠳᠴᠢᠯᠠᠨ ᠬᠢᠨᠠᠨ ᠵᠥᠪᠰᠢᠶᠡᠷᠡᠬᠦ + ᠢᠲᠡᠭᠡᠮᠵᠢ ᠶᠢᠨ ᠠᠮᠠᠯᠠᠯᠲᠠ︾ ᠶᠢᠨ ᠬᠡᠯᠪᠡᠷᠢ ᠪᠠᠷ ᠳᠠᠮᠵᠢᠭᠤᠯᠤᠨ᠂ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠭᠠᠵᠠᠷ ᠬᠡᠷᠡᠭᠯᠡᠬᠦ ᠲᠥᠯᠦᠪᠵᠢᠭᠦᠯᠭᠡ᠂ ᠪᠠᠷᠢᠯᠭ᠎ᠠ ᠶᠢᠨ ᠲᠥᠯᠦᠪᠵᠢᠭᠦᠯᠭᠡ ᠵᠢᠴᠢ ᠪᠠᠷᠢᠯᠭ᠎ᠠ ᠪᠠᠷᠢᠬᠤ ᠶᠢ ᠵᠥᠪᠰᠢᠶᠡᠷᠡᠬᠦ ᠭᠤᠷᠪᠠᠨ ᠱᠠᠲᠤᠨ ᠳᠤ ᠵᠡᠷᠭᠡ ᠪᠠᠷ ᠭᠦᠢᠴᠡᠳᠬᠡᠨ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ︵ᠳᠠᠷᠤᠢ ᠭᠠᠵᠠᠷ ᠠᠪᠤᠬᠤ︶ ᠶᠢ ᠲᠣᠭᠲᠠᠭᠠᠭᠰᠠᠨ ᠤ ᠲᠠᠷᠠᠭ᠎ᠠ 20 ᠠᠵᠢᠯᠯᠠᠬᠤ ᠡᠳᠦᠷ ᠪᠠᠶᠢᠭᠰᠠᠨ ᠢ ᠪᠠᠭᠠᠰᠬᠠᠭᠠᠳ 1 ᠠᠵᠢᠯᠯᠠᠬᠤ ᠡᠳᠦᠷ ᠪᠣᠯᠭᠠᠭᠠᠳ ᠭᠠᠵᠠᠷ ᠬᠡᠷᠡᠭᠯᠡᠬᠦ ᠲᠥᠯᠦᠪᠵᠢᠭᠦᠯᠭᠡ᠂ ᠪᠠᠷᠢᠯᠭ᠎ᠠ ᠶᠢᠨ ᠲᠥᠯᠦᠪᠵᠢᠭᠦᠯᠭᠡ ᠵᠢᠴᠢ ᠪᠠᠷᠢᠯᠭ᠎ᠠ ᠪᠠᠷᠢᠬᠤ ᠵᠥᠪᠰᠢᠶᠡᠷᠡᠯ ᠢ ᠬᠢᠨᠠᠨ ᠣᠯᠭᠤᠬᠤ ᠠᠵᠢᠯ ᠢ ᠪᠡᠶᠡᠯᠡᠭᠦᠯᠵᠦ᠂ ᠡᠭᠦᠨ ᠤ ᠤᠯᠠᠮ ᠠᠴᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠤᠯᠠᠮ ᠨᠢᠭᠡ ᠠᠯᠬᠤᠮ ᠠᠬᠢᠭᠤᠯᠬᠤ ᠤᠴᠢᠷ ᠪᠣᠯᠣᠨ᠎ᠠ᠃︶ ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 263 ᠮᠦ ᠭᠠᠵᠠᠷ ᠢ ᠡᠵᠡᠯᠡᠵᠦ᠂ ᠤᠯᠠᠨ ᠭᠠᠷ ᠤᠷᠠᠯᠠᠯ ᠤᠨ ᠬᠠᠮᠲᠤᠷᠠᠯ ᠢᠶᠠᠷ ᠳᠠᠮᠵᠢᠨ ᠬᠠᠶᠠᠭᠳᠠᠮᠠᠯ ᠪᠣᠳᠠᠰ ᠢ ᠡᠷᠳᠡᠨᠢ ᠪᠣᠯᠭᠠᠵᠤ᠂ ᠡᠷᠭᠢᠯᠲᠡᠲᠦ ᠬᠥᠭᠵᠢᠯᠲᠡ ᠶᠢ ᠪᠡᠶᠡᠯᠡᠭᠦᠯᠬᠦ ᠪᠣᠯᠣᠨ᠎ᠠ᠃ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠤᠯᠠᠭᠠᠨ ᠰᠢᠷᠣᠶᠢᠲᠤ ᠨᠢᠺᠧᠯ ᠤᠨ ᠠᠭᠤᠷᠬᠠᠢ ᠪᠠᠷ ᠲᠦᠭᠦᠬᠡᠢ ᠮᠠᠲ᠋ᠧᠷᠢᠶᠠᠯ ᠪᠣᠯᠭᠠᠭᠰᠠᠨ ᠲᠦᠮᠡᠨ ᠲᠣᠨ ᠤ ᠲᠠᠰ ᠤᠨ ᠳ᠋ᠢᠶᠠᠨ ᡂᠢ ᠳᠤ ᠬᠡᠷᠡᠭᠯᠡᠬᠦ ᠬᠦᠬᠦᠷ ᠬᠦᠴᠢᠯ ᠤᠨ ᠨᠢᠺᠧᠯ ᠤᠨ ᠦᠢᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠨᠢᠺᠧᠯ ᠺᠣᠪᠠᠯᠲ ᠮᠠᠩᠭᠠᠨ ᠮᠠᠭᠨᠢ ᠶᠢᠨ ᠲᠡᠮᠦᠷ ᠵᠡᠷᠭᠡ ᠪᠠᠶᠢᠯᠳᠤᠬᠤ ᠪᠣᠳᠣᠯᠭ᠎ᠠ ᠶᠢᠨ ᠲᠡᠮᠦᠷᠯᠢᠭ ᠤᠨ ᠡᠬᠢ ᠪᠠᠶᠠᠯᠢᠭ ᠤᠨ ᠥᠨᠳᠥᠷ ᠪᠦᠲᠦᠮᠵᠢᠲᠡᠶ ᠥᠨᠳᠥᠷ ᠥᠷᠲᠡᠭᠲᠦ ᠠᠰᠢᠭᠯᠠᠯᠲᠠ ᠪᠠ ᠤᠷᠪᠠᠯ ᠤᠨ ᠵᠠᠭᠤᠴᠢ ᠶᠢ ᠳᠠᠬᠢᠨ ᠡᠷᠭᠢᠯᠳᠦᠭᠦᠯᠦᠨ ᠠᠰᠢᠭᠯᠠᠬᠤ ᠶᠢ ᠪᠡᠶᠡᠯᠡᠭᠦᠯᠬᠦ ᠪᠠᠷ ᠪᠣᠶ᠃ ᠬᠤᠶᠠᠳᠤᠭᠠᠷ ᠬᠤᠭᠤᠴᠠᠭᠠᠨ ᠳᠤ ᠠᠵᠢᠯ ᠠᠴᠠ ᠪᠠᠨ ᠪᠠᠭᠤᠭᠰᠠᠨ ᠭᠤᠷᠪᠠᠨ ᠡᠰᠢᠲᠦ ᠳ᠋ᠢᠶᠠᠨ ᡂᠢ ᠪᠣᠯᠣᠨ ᠹᠣᠰᠹᠣᠷ ᠬᠦᠴᠢᠯ ᠤᠨ ᠲᠡᠮᠦᠷ ᠯᠢᠲ᠋ᠢ ᠶᠢᠨ ᠳ᠋ᠢᠶᠠᠨ ᡂᠢ ᠶᠢ ᠡᠭᠡᠭᠦᠯᠦᠨ ᠬᠤᠷᠢᠶᠠᠵᠤ ᠠᠰᠢᠭᠯᠠᠬᠤ ᠦᠢᠯᠡᠳᠪᠦᠷᠢᠯᠡᠯ ᠤᠨ ᠱᠤᠭᠤᠮ ᠢ ᠪᠠᠶᠢᠭᠤᠯᠬᠤ ᠶᠢᠨ ᠬᠠᠮᠲᠤ ᠨᠢᠺᠧᠯ ᠰᠠᠭᠤᠷᠢ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠤᠨ ᠳᠠᠭᠠᠯᠲᠠ ᠪᠦᠲᠦᠭᠡᠭᠳᠡᠬᠦᠨ ᠪᠣᠯᠣᠨ ᠨᠢᠮᠪᠡᠭᠡ᠂ ᠬᠤᠯᠤᠰᠤ᠂ ᠦᠨᠢᠶᠡᠨ ᠰᠦ ᠶᠢᠨ ᠤᠮᠳᠠᠭᠠᠨ ᠤ ᠵᠥᠭᠡᠯᠡᠨ ᠪᠣᠭᠤᠳᠠᠯ ᠵᠡᠷᠭᠡ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠵᠠᠳᠠᠷᠠᠭᠤᠯᠵᠤ ᠪᠣᠯᠬᠤ ᠪᠣᠭᠤᠳᠠᠯ ᠪᠠᠭᠯᠠᠭ᠎ᠠ ᠶᠢᠨ ᠦᠢᠯᠡᠳᠬᠦᠨ ᠵᠢᠴᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠪᠲᠠᠰᠤᠨ ᠮᠠᠲ᠋ᠧᠷᠢᠶᠠᠯ ᠢ ᠦᠢᠯᠡᠳᠪᠦᠷᠢᠯᠡᠨ᠎ᠡ᠃ ᠲᠤᠰ ᠲᠦᠷᠦᠯ ᠵᠦᠢᠯ ᠨᠢ ᠵᠢᠩᠬᠢᠨᠢ ᠤᠳᠬ᠎ᠠ ᠠᠭᠤᠯᠭ᠎ᠠ ᠲᠠᠢ︽ᠣᠷᠴᠢᠯ ᠠᠵᠤ ᠠᠬᠤᠢ︾ ᠶᠢᠨ ᠰᠢᠰᠲ᠋ᠧᠮ ᠢ ᠪᠦᠬᠦ ᠲᠠᠯ᠎ᠠ ᠪᠠᠷ ᠪᠡᠶᠡᠯᠡᠭᠦᠯᠵᠦ᠂ ᠳᠣᠣᠷᠠᠳᠤ ᠤᠷᠤᠰᠬᠠᠯ ᠤᠨ ᠠᠵᠤ ᠦᠢᠯᠡᠰ ᠲᠤ ᠥᠪᠡᠷ ᠤᠨ ᠦᠷᠳᠡᠭ ᠢᠶᠠᠷ ᠳᠣᠣᠷ᠎ᠠ ᠲᠦᠭᠦᠬᠡᠢ ᠮᠠᠲ᠋ᠧᠷᠢᠶᠠᠯ ᠬᠠᠩᠭᠠᠵᠤ᠂ ᠣᠷᠣᠨ ᠤ ᠳᠣᠲᠣᠷᠠᠬᠢ ᠰᠢᠨ᠎ᠡ ᠡᠨᠧᠷᠭᠢ ᠶᠢᠨ ᠳ᠋ᠢᠶᠠᠨ ᡂᠢ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠲᠦᠷᠭᠡᠨ ᠬᠥᠭᠵᠢᠯᠲᠡ ᠳᠤ ᠬᠦᠴᠦ ᠨᠡᠮᠡᠷᠢᠯᠡᠬᠦ ᠪᠠᠷ ᠵᠣᠷᠢᠯᠭ᠎ᠠ ᠪᠣᠯᠭᠠᠵᠠᠢ᠂ ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠠᠳᠡᠬᠢ︽ᠰᠢᠨ᠎ᠡ ᠡᠨᠧᠷᠭᠢ + ᠬᠠᠲᠠᠭᠤ ᠬᠠᠶᠠᠭᠳᠠᠮᠠᠯ ᠪᠣᠳᠠᠰ︾ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠪᠣᠯᠬᠤ ᠪᠣᠯᠣᠨ᠎ᠠ᠃ ᠵᠢᠱᠢᠯᠲᠡ ᠪᠠᠷ ᠵᠢᠯ ᠤᠨ ᠡᠵᠡᠩᠨᠡᠯᠲᠡ ᠶᠢᠨ ᠣᠷᠣᠯᠭ᠎ᠠ 65925 ᠲᠦᠮᠡᠨ ᠲᠥᠭᠦᠷᠢᠭ ᠲᠤ ᠬᠦᠷᠴᠦ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 11586 ᠲᠦᠮᠡᠨ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 2896 ᠲᠦᠮᠡᠨ ᠲᠥᠭᠦᠷᠢᠭ ᠤᠨ ᠠᠰᠢᠭ ᠣᠷᠣᠯᠭ᠎ᠠ ᠶᠢᠨ ᠭᠠᠶᠢᠯᠢ ᠲᠤᠰᠢᠶᠠᠨ᠎ᠠ᠃ ᠮᠠᠨ ᠤ ᠣᠷᠣᠨ ᠤ ᠨᠢᠺᠧᠯ ᠺᠣᠪᠠᠯᠲ ᠮᠠᠩᠭᠠᠨ ᠭᠤᠷᠪᠠᠨ ᠡᠰᠢᠲᠦ ᠳ᠋ᠢᠶᠠᠨ ᡂᠢ ᠶᠢᠨ ᠡᠶᠡᠷᠭᠦ ᠲᠤᠶᠢᠯ ᠤᠨ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠬᠦᠷᠢᠶᠡᠨ ᠳᠠᠬᠢ ᠬᠤᠭᠤᠰᠤᠨ ᠢ ᠨᠥᠬᠦᠪᠦᠷᠢᠯᠡᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠲ᠋ᠧᠷᠢᠶᠠᠯ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1