526 ᠵᠠᠯᠠᠭᠤ ᠤᠷᠠᠴᠤᠳ ᠤᠷ᠎ᠠ ᠮᠡᠷᠭᠡᠵᠢᠯ ᠢᠶᠠᠨ ᠮᠥᠷᠥᠶᠢᠴᠡᠪᠡ
ᠨᠡᠶᠢᠲᠡᠯᠡᠭᠰᠡᠨ ᠴᠠᠭ᠄
2024/7/23
     ᠣᠶᠢᠷ᠎ᠠ ᠶᠢᠨ ᠡᠳᠦᠷ ᠭᠦᠭᠡᠬᠤᠲᠠ ᠶᠢᠨ ᠬᠤᠶᠠᠳᠤᠭᠠᠷ ᠬᠤᠭᠤᠴᠠᠭᠠᠨ ᠤ ᠠᠵᠢᠯ  ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠠᠮᠵᠢᠯᠲᠠᠲᠠᠢ ᠶᠠᠪᠤᠭᠳᠠᠵᠤ᠂ 526 ᠵᠠᠯᠠᠭᠤ ᠤᠷᠠᠴᠤᠳ ᠣᠷᠣᠨ ᠤ ᠲᠥᠪ ᠬᠤᠳᠠ  ᠳᠤ  ᠴᠤᠭᠯᠠᠷᠠᠨ ᠤᠷ᠎ᠠ  ᠮᠡᠷᠭᠡᠵᠢᠯ   ᠢᠶᠠᠨ ᠮᠥᠷᠥᠶᠢᠴᠡᠭᠰᠡᠨ ᠪᠠᠶᠢᠨ᠎ᠠ᠃      ᠲᠤᠰ ᠤᠷᠤᠯᠳᠤᠭᠠᠨ ᠨᠢ ᠭᠦᠭᠡᠬᠤᠲᠠ ᠶᠢᠨ  ᠠᠵᠢᠯ  ᠮᠡᠷᠭᠡᠵᠢᠯ ᠤᠨ ᠳᠡᠭᠡᠳᠦ ᠰᠤᠷᠭᠠᠭᠤᠯᠢ    ᠵᠡᠷᠭᠡ  6   ᠤᠷᠤᠯᠳᠤᠭᠠᠨ ᠤ   ᠲᠠᠯᠠᠪᠤᠷ ᠲᠤ   ᠵᠡᠷᠭᠡ ᠪᠠᠷ ᠶᠠᠪᠤᠭᠳᠠᠵᠤ᠂ ︽ᠭᠦᠭᠡᠬᠤᠳᠠ ᠳᠤ ᠬᠤᠷᠠᠨ ᠴᠤᠭᠯᠠᠷᠠᠨ ᠤᠷ᠎ᠠ ᠮᠡᠷᠭᠡᠵᠢᠯ ᠢᠶᠠᠷ ᠢᠷᠡᠭᠡᠳᠦᠢ ᠪᠠᠨ  ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠷ᠎ᠡ ᠪᠦᠲᠦᠭᠡᠯ᠂ ᠤᠷ᠎ᠠ ᠮᠡᠷᠭᠡᠵᠢᠯ ᠲᠠᠢ ᠴᠢᠳᠠᠪᠤᠷᠢᠲᠠᠨ ᠤ ᠴᠤᠭ ᠵᠢᠪᠬᠤᠭ᠎ᠠ ᠶᠢ ᠲᠥᠪᠯᠡᠷᠡᠩᠭᠦᠢ ᠳᠡᠯᠭᠡᠨ ᠦᠵᠡᠭᠦᠯᠵᠦ᠂ ᠪᠦᠭᠦ ᠬᠤᠳᠠ ᠶᠢᠨ   ᠥᠨᠳᠥᠷ   ᠲᠦᠪᠰᠢᠨ ᠪᠦᠬᠦᠢ  ᠤᠷ᠎ᠠ  ᠮᠡᠷᠭᠡᠵᠢᠯ ᠲᠠᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ  ᠠᠬᠢᠭᠤᠯᠬᠤ ᠳᠤ    ᠬᠦᠴᠦᠨ ᠨᠡᠮᠡᠷᠢᠯᠡᠵᠡᠢ᠃ ᠤᠷᠤᠯᠳᠤᠭᠠᠨ ᠳᠤ ︽ᠳᠡᠯᠡᠬᠡᠢ ᠶᠢᠨ ᠤᠷᠤᠯᠳᠤᠭᠠᠨ ᠤ ᠰᠢᠯᠭᠠᠷᠠᠭᠤᠯᠤᠯᠲᠠ︾᠂ ︽ᠤᠯᠤᠰ ᠤᠨ ᠤᠷᠤᠯᠳᠤᠭᠠᠨ ᠤ ᠰᠢᠯᠢᠳᠡᠭ ᠰᠢᠯᠭᠠᠷᠠᠭᠤᠯᠤᠯᠲᠠ︾᠂ ︽16 ᠠᠵᠤ ᠦᠢᠯᠡᠰ ᠤᠨ ᠬᠡᠯᠬᠢᠶ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠣᠨᠴᠠᠯᠢᠭᠲᠤ ᠠᠵᠤ ᠦᠢᠯᠡᠰ︾᠂ ︽ᠠᠵᠢᠯ ᠲᠦᠷᠦᠯ ᠤᠨ ᠣᠨᠴᠠᠯᠢᠭ︾ ᠵᠡᠷᠭᠡ ᠲᠦᠷᠪᠡᠨ ᠶᠡᠭᠡ ᠲᠦᠷᠦᠯ ᠤᠨ 33 ᠤᠷᠤᠯᠳᠤᠭᠠᠨ ᠤ ᠲᠦᠷᠦᠯ ᠢ ᠲᠣᠬᠢᠷᠠᠭᠤᠯᠵᠤ᠂ ᠪᠦᠭᠦ ᠬᠤᠳᠠ ᠶᠢᠨ 16 ᠲᠥᠯᠥᠭᠡᠯᠡᠭᠴᠢᠳ ᠤᠨ ᠠᠩᠭᠢ ᠶᠢᠨ 526 ᠣᠷᠣᠯᠴᠠᠭᠴᠢ ᠤᠷᠤᠯᠳᠤᠭᠠᠨ ᠳᠤ ᠣᠷᠣᠯᠴᠠᠵᠠᠢ᠃      ᠣᠶᠢᠯᠠᠭᠠᠭᠰᠠᠨ ᠢᠶᠠᠷ᠂ ᠲᠣᠰ ᠤᠷᠤᠯᠳᠤᠭᠠᠨ ᠪᠣᠯ ᠭᠦᠭᠡᠬᠤᠲᠠ ᠶᠢᠨ ᠣᠲᠣ ᠪᠤᠯᠲᠠᠯ᠎ᠠ ᠡᠷᠭᠢᠯᠡᠵᠦ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠣᠯᠠᠨ ᠨᠢᠭᠡ ᠤᠳᠠᠭᠠᠨ ᠤ ᠪᠦᠭᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠪᠣᠯᠣᠨ᠎ᠠ᠃ ᠲᠤᠰ ᠤᠷᠤᠯᠳᠤᠭᠠᠨ ᠢᠶᠠᠷ᠂ ᠭᠦᠭᠡᠬᠤᠲᠠ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠰᠢᠨ᠎ᠡ ᠦᠷ᠎ᠡ ᠪᠦᠲᠦᠭᠡᠯ᠂ ᠰᠢᠨ᠎ᠡ ᠵᠠᠭᠪᠤᠷ ᠢ ᠭᠦᠢᠴᠡᠳ ᠳᠡᠯᠭᠡᠨ ᠦᠵᠡᠭᠦᠯᠵᠦ᠂ ᠥᠷᠭᠡᠨ ᠣᠯᠠᠨ ᠬᠥᠮᠥᠰ ᠤᠨ ᠤᠷ᠎ᠠ ᠴᠢᠳᠠᠪᠤᠷᠢ ᠰᠤᠷᠬᠤ᠂ ᠡᠷᠳᠡᠮ ᠴᠢᠳᠠᠪᠤᠷᠢ ᠪᠠᠨ ᠳᠠᠪᠲᠠᠨ ᠪᠤᠯᠪᠠᠰᠤᠷᠠᠭᠤᠯᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠥᠭᠵᠢᠭᠡᠨ᠂ ᠭᠦᠳᠡᠯᠮᠦᠷᠢ ᠶᠢᠨ ᠡᠭᠦᠳᠦᠨ ᠪᠦᠲᠦᠭᠡᠯᠲᠡ ᠶᠢ ᠬᠦᠨᠳᠦᠳᠬᠡᠬᠦ᠂ ᠤᠷ᠎ᠠ ᠮᠡᠷᠭᠡᠵᠢᠯ ᠤᠨ ᠳᠡᠭᠡᠭᠰᠢᠯᠡᠯᠲᠡ ᠶᠢ ᠡᠷᠭᠢᠮᠯᠡᠭᠦ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠵᠤ᠂ ᠭᠦᠭᠡᠬᠤᠲᠠ ᠶᠢᠨ ᠤᠷ᠎ᠠ  ᠴᠢᠳᠠᠪᠤᠷᠢ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠦᠭᠦ  ᠲᠠᠯ᠎ᠠ ᠪᠠᠷ ᠬᠥᠭᠵᠢᠬᠦ ᠶᠢ ᠠᠬᠢᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1