︵ᠰᠤᠷᠪᠤᠯᠵᠢᠯᠠᠭᠴᠢ ᠯᠢᠦᠢ ᠬᠤᠢ ᠱᠧᠩ︶ 7 ᠳ᠋ᠤᠭᠠᠷ ᠰᠠᠷ᠎ᠠ ᠶᠢᠨ 24 ᠤ ᠡᠳᠦᠷ᠂ ᠬᠥᠬᠡᠬᠤᠲᠠ ᠶᠢᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ | ᠬᠡᠯᠲᠡᠰ᠂ ᠬᠤᠲᠠ ᠶᠢᠨ ᠡᠪᠯᠡᠯ ᠤᠨ ᠬᠤᠷᠢᠶ᠎ᠠ᠂ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠬᠤᠲᠠ ᠶᠢᠨ ᠭᠠᠯ | ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠠᠴᠠ ᠭᠤᠤᠯᠯᠠᠨ ᠡᠷᠭᠢᠯᠡᠭᠰᠡᠨ 2024 ᠣᠨ ᠤ | ᠬᠥᠬᠡᠬᠤᠲᠠ ᠶᠢᠨ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ | ᠵᠢᠴᠢ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠪᠣᠰᠬᠠᠬᠤ | ᠤᠷᠤᠯᠳᠤᠭᠠᠨ ᠬᠥᠬᠡᠬᠤᠲᠠ ᠶᠢᠨ ᠭᠠᠳᠠᠭᠠᠳᠤ ᠳᠤ ᠰᠤᠷᠤᠯᠴᠠᠭᠰᠠᠳ ᠤᠨ ᠦᠢᠯᠡᠰ ᠪᠣᠰᠬᠠᠬᠤ ᠬᠦᠷᠢᠶᠡᠯᠡᠩ ᠳᠤ | ᠡᠬᠢᠯᠡᠪᠡ᠃ | ᠤᠷᠤᠯᠳᠤᠭᠠᠨ ᠢ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠪᠤᠰᠬᠠᠬᠤ | ᠬᠤᠶᠠᠷ ᠤᠷᠤᠯᠳᠤᠭᠠᠨ ᠤ ᠵᠠᠮ ᠬᠤᠪᠢᠶᠠᠵᠤ᠂ ᠲᠦᠷᠦᠯ ᠵᠦᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠪᠦᠬᠦ ᠲᠠᠯ᠎ᠠ ᠳᠠᠬᠢ ᠵᠢᠱᠢᠶ᠎ᠡ ᠦᠵᠡᠭᠦᠯᠬᠦ ᠤᠳᠤᠷᠢᠳᠤᠮᠵᠢ ᠶᠢᠨ ᠦᠢᠯᠡᠳᠦᠯ ᠢ ᠭᠤᠣᠯᠳᠠᠯᠭ᠎ᠠ ᠲᠠᠢ ᠢᠯᠡᠷᠡᠭᠦᠯᠪᠡ᠃ | ᠤᠷᠤᠯᠳᠤᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠬᠤ ᠵᠥᠪᠯᠡᠯ ᠠᠴᠠ ᠲᠤᠰᠬᠠᠶ ᠮᠡᠷᠭᠡᠵᠢᠯᠲᠡᠨ ᠤ | ᠰᠢᠯᠭᠠᠷᠠᠭᠤᠯᠤᠯᠲᠠ ᠶᠢᠨ ᠵᠥᠪᠯᠡᠯ ᠢ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠮᠠᠲ᠋ᠧᠷᠢᠶᠠᠯ ᠢ ᠦᠵᠡᠬᠦ᠂ ᠲᠥᠷᠥᠯ | ᠵᠦᠢᠯ ᠤᠨ ᠪᠠᠷᠢᠮᠲᠠᠲᠤ ᠹᠢᠯᠢᠮ ᠢ ᠦᠵᠡᠬᠦ᠂ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠠᠰᠠᠭᠤᠨ | ᠲᠤᠲᠤᠷᠬᠠᠶᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠪᠯᠡᠷᠡᠭᠦᠯᠦᠨ ᠬᠢᠨᠠᠨ ᠲᠣᠭᠲᠠᠭᠠᠵᠤ᠂ ᠬᠠᠮᠤᠭ | ᠡᠴᠦᠰ ᠲᠤ 3 ᠠᠯᠲᠠᠨ ᠱᠠᠩᠨᠠᠯ᠂ 6 ᠮᠥᠩᠭᠦᠨ ᠱᠠᠩᠨᠠᠯ᠂ 11 ᠭᠠᠤᠯᠢᠨ ᠱᠠᠩᠨᠠᠯ ᠢ ᠰᠢᠯᠭᠠᠷᠠᠭᠤᠯᠤᠨ ᠭᠠᠷᠭᠠᠪᠠ᠃ | |