2024 ᠣᠨ ᠠᠴᠠ ᠨᠠᠰᠢ᠂ ᠴᠢᠩ ᠱᠦᠢ ᠾᠧ ᠰᠢᠶᠠᠨ ᠤ ᠬᠢᠨ ᠪᠡᠭᠡᠵᠢᠩ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠲᠡᠰ ᠤᠨ ᠵᠠᠭᠤ ᠰᠢᠬᠠᠮ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠵᠤ ᠲᠣᠭᠲᠠᠭᠰᠠᠨ | ᠬᠤᠭᠤᠴᠠᠭ᠎ᠠ ᠲᠠᠢ ᠪᠠᠷ ᠡᠯ᠎ᠡ ᠡᠮ ᠡᠮᠨᠡᠯᠭᠡ ᠶᠢᠨ ᠪᠠᠶᠢᠭᠤᠯᠤᠮᠵᠢ ᠳᠤ ᠡᠮᠴᠢᠯᠡᠭᠦᠯᠪᠡ᠃ ᠡᠭᠦᠨ ᠳᠤ᠂ ᠪᠡᠭᠡᠵᠢᠩ ᠤᠨ | ᠲᠤᠰᠬᠠᠢ ᠮᠡᠷᠭᠡᠵᠢᠯᠲᠡᠨ ᠢ 16 ᠣᠷᠣᠭᠤᠯᠤᠨ ᠠᠪᠴᠢᠷᠠᠵᠤ᠂ ᠨᠡᠶᠢᠲᠡ 28 ᠤᠳᠠᠭ᠎ᠠ ᠰᠠᠭᠤᠵᠤ ᠡᠮᠨᠡᠭᠦᠯᠵᠦ᠂ ᠣᠯᠠᠨ | ᠲᠦᠮᠡᠨ ᠳᠤ 1178 ᠬᠥᠮᠥᠨ ᠤᠳᠠᠭ᠎ᠠ ᠦᠢᠯᠡᠴᠢᠯᠡᠪᠡ︔ ᠥᠪᠡᠷᠲᠡᠭᠡᠨ ᠵᠠᠰᠠᠬᠤ ᠣᠷᠣᠨ ᠤ ᠲᠠᠰ ᠤᠨ ᠡᠮᠨᠡᠯᠭᠡ ᠶᠢᠨ | ᠬᠤᠷᠢᠶ᠎ᠠ ᠶᠢᠨ 51 ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠵᠤ᠂ ᠨᠡᠶᠢᠲᠡ 82 ᠤᠳᠠᠭ᠎ᠠ ᠰᠠᠭᠤᠯᠭᠠᠨ | ᠡᠮᠨᠡᠭᠦᠯᠵᠦ᠂ 2169 ᠬᠥᠮᠥᠨ ᠤᠳᠠᠭ᠎ᠠ ᠣᠯᠠᠨ ᠲᠦᠮᠡᠨ ᠳᠤ ᠦᠢᠯᠡᠴᠢᠯᠡᠨ᠂ 17 ᠤᠳᠠᠭ᠎ᠠ ᠵᠢᠭᠠᠨ | ᠰᠤᠷᠭᠠᠯᠲᠠ ᠶᠢᠨ ᠲᠠᠶᠢᠯᠤᠮᠵᠢ ᠬᠢᠵᠦ᠂ 57 ᠤᠳᠠᠭ᠎ᠠ ᠵᠢᠭᠠᠨ ᠰᠤᠷᠭᠠᠯᠲᠠ ᠶᠢᠨ ᠥᠷᠥᠭᠡ ᠪᠠᠶᠢᠴᠠᠭᠠᠪᠠ︔ | ᠬᠤᠲᠠ ᠶᠢᠨ ᠲᠠᠰ ᠤᠨ 15 ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠵᠤ᠂ ᠨᠡᠶᠢᠲᠡ 90 ᠤᠳᠠᠭ᠎ᠠ | ᠡᠮᠨᠡᠯᠭᠡ ᠳᠤ ᠰᠠᠭᠤᠯᠭᠠᠨ ᠡᠮᠨᠡᠭᠦᠯᠵᠦ᠂ 964 ᠬᠥᠮᠥᠨ ᠤᠳᠠᠭ᠎ᠠ ᠣᠯᠠᠨ ᠲᠦᠮᠡᠨ ᠳᠤ ᠦᠢᠯᠡᠴᠢᠯᠡᠨ᠂ ᠣᠯᠠᠨ | ᠲᠦᠮᠡᠨ ᠳᠤ ᠭᠤᠷᠪᠠᠨ ᠳᠡᠰ ᠤᠨ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠬᠦ ᠶᠢ ᠪᠡᠶᠡᠯᠡᠭᠦᠯᠪᠡ᠃ | ᠢᠯᠠᠩᠭᠤᠶ᠎ᠠ ᠪᠡᠭᠡᠵᠢᠩ ᠶᠡᠭᠡ ᠰᠤᠷᠭᠠᠭᠤᠯᠢ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠯᠢᠦ ᠶᠤᠸᠠᠨ ᠱᠧᠩ᠂ | ᠪᠡᠭᠡᠵᠢᠩ ᠤᠨ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠶᠢᠨ ᠬᠤ᠋ ᠭᠦᠸᠧ ᠰᠧ ᠬᠡᠶᠢᠳ ᠤᠨ ᠬᠤᠸᠠᠩ ᠶᠠᠨ | ᠵᠡᠷᠭᠡ ᠨᠡᠷᠡᠲᠦ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠵᠤ ᠲᠣᠭᠲᠠᠮᠠᠯ ᠬᠤᠭᠤᠴᠠᠭ᠎ᠠ ᠲᠠᠢ ᠪᠠᠷ ᠮᠠᠨ ᠤ | ᠰᠢᠶᠠᠨ ᠳᠤ ᠰᠠᠭᠤᠯᠭᠠᠨ ᠡᠮᠨᠡᠭᠦᠯᠬᠦ᠂ ᠡᠷᠳᠡᠮ ᠰᠢᠨᠵᠢᠯᠡᠭᠡᠨ ᠤ ᠲᠠᠶᠢᠯᠤᠮᠵᠢ ᠬᠢᠯᠭᠡᠵᠦ᠂ ᠮᠠᠨ ᠤ ᠰᠢᠶᠠᠨ ᠤ ᠠᠷᠠᠳ | ᠢᠷᠭᠡᠳ ᠤᠨ ᠭᠡᠷ ᠤᠨ ᠡᠭᠦᠳᠡᠨ ᠳᠤ ᠪᠦᠲᠦᠮᠵᠢᠲᠡᠶ ᠣᠨᠣᠰᠢᠯᠠᠯᠲᠠ ᠪᠠ ᠡᠮᠴᠢᠯᠡᠭᠡ ᠬᠦᠷᠲᠡᠭᠡᠭᠰᠡᠨ ᠢᠶᠠᠷ ᠪᠠᠷᠠᠬᠤ | ᠦᠭᠡᠢ᠂ ᠯᠢᠶᠡᠩᠴᠧᠩ᠂ ᠲᠣᠭᠲᠠᠬᠤ ᠰᠢᠶᠠᠨ᠂ ᠵᠡᠭᠦᠨᠭᠠᠷ ᠬᠤᠰᠢᠭᠤ ᠵᠡᠷᠭᠡ ᠡᠷᠬᠢᠨ ᠲᠣᠭᠤᠷᠢᠨ ᠤ ᠭᠠᠵᠠᠷ ᠣᠷᠣᠨ ᠤ | ᠡᠪᠡᠳᠴᠢᠲᠡᠨ ᠢ ᠲᠡᠳᠡᠨ ᠠᠪᠴᠢᠷᠠᠵᠤ ᠡᠮᠨᠡᠭᠦᠯᠦᠭᠡᠳ᠂ ᠣᠯᠠᠨ ᠲᠦᠮᠡᠨ ᠤ ︽ᠡᠪᠡᠳᠴᠢᠨ ᠦᠵᠡᠭᠦᠯᠬᠦ ᠳᠤ | ᠬᠦᠴᠢᠷᠲᠡᠢ᠂ ᠡᠪᠡᠳᠴᠢᠨ ᠦᠵᠡᠭᠦᠯᠬᠦ ᠳᠤ ᠦᠨᠡᠲᠡᠢ︾ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠭᠰᠡᠨ | ᠪᠠᠶᠢᠨ᠎ᠠ᠃ |