︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠶᠠᠩ ᠱᠦ ᠢᠤᠢ︶ ᠤᠶᠢᠷ᠎ᠠ ᠶᠢᠨ ᠡᠳᠦᠷ᠂ | ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠲᠤᠰᠬᠠᠶ ᠪᠡᠯᠡ ᠮᠥᠩᠭᠦ ᠶᠢ 4000 ᠲᠦᠮᠡᠨ ᠲᠥᠭᠦᠷᠢᠭ ᠬᠦᠷᠲᠡᠵᠦ᠂ ᠬᠥᠬᠡᠬᠤᠲᠠ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠢᠭᠤᠯᠤᠯᠲᠠ ᠶᠢᠨ | ᠨᠥᠬᠦᠴᠡᠯ ᠢ ᠦᠷᠭᠦᠯᠵᠢᠯᠡᠨ ᠰᠠᠢᠵᠢᠷᠠᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠭᠠᠭᠠᠴᠠ | ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠡᠯᠡ ᠮᠥᠩᠭᠦ ᠶᠢᠨ ᠪᠠᠲᠤᠯᠠᠭ᠎ᠠ ᠶᠢᠨ ᠬᠦᠴᠦᠲᠡᠢ | ᠦᠢᠯᠡᠳᠦᠯ ᠢ ᠪᠠᠳᠠᠷᠠᠭᠤᠯᠬᠤ ᠪᠣᠯᠤᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ᠬᠢᠷᠢ ᠲᠦᠪᠰᠢᠨ ᠢ ᠰᠢᠯᠭᠠᠨ ᠬᠢᠨᠠᠵᠤ ᠦᠨᠡᠯᠡᠬᠦ ᠠᠷᠭ᠎ᠠ ︵ᠲᠤᠷᠰᠢᠨ ᠬᠡᠷᠡᠭᠵᠢᠭᠦᠯᠬᠦ | ︶︾ ᠶᠢᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠨᠢ ᠭᠤᠤᠯᠳᠠᠭᠤ ᠡᠯ᠎ᠡ ᠲᠥᠷᠥᠯ ᠤᠨ | ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠵᠦ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠷᠪᠢᠲᠠᠶ ᠡᠷᠴᠢᠮᠯᠢᠭ ᠬᠥᠭᠵᠢᠯᠲᠡ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠦᠨ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠡᠭᠡᠳᠦ ᠲᠠᠰ ᠤᠨ᠂ ᠪᠣᠬᠢᠷᠲᠤᠯ ᠥᠬᠡᠶ᠂ ᠤᠶᠤᠨᠴᠢᠯᠠᠭᠰᠠᠨ | ᠬᠥᠭᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠢ ᠴᠢᠩᠭᠠᠷᠠᠭᠤᠯᠵᠤ᠂ ᠮᠥ ᠪᠦᠷᠢ ᠶᠢᠨ ᠳᠤᠮᠳᠠᠴᠢ ᠦᠷ᠎ᠡ ᠠᠰᠢᠭ ᠢ ᠳᠡᠭᠡᠭᠰᠢᠯᠡᠭᠦᠯᠦᠨ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠲᠤᠯ ᠥᠬᠡᠶ ᠵᠦᠭ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠶᠡᠭᠡ ᠪᠠᠷ ᠵᠣᠷᠢᠭᠵᠢᠭᠤᠯᠵᠤ᠂ | ᠬᠤᠰᠢᠭᠤᠷᠠᠵᠤ ᠳᠡᠰ ᠳᠡᠪᠰᠢᠬᠦ ᠶᠢ ᠬᠥᠲᠥᠯᠦᠨ ᠵᠢᠯᠤᠭᠤᠳᠬᠤ ᠪᠤᠯᠤᠨ᠎ᠠ᠃ ᠬᠢᠨᠠᠨ ᠰᠢᠯᠭᠠᠵᠤ ᠦᠨᠡᠯᠡᠬᠦ ᠪᠠᠷ | ᠳᠡᠮᠵᠢᠨ᠂ ᠬᠥᠬᠡᠬᠤᠲᠠ ᠶᠢᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠨᠢ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠷ ᠴᠢᠩᠭ᠎ᠠ ᠬᠦᠷᠢᠶᠡᠯᠡᠩ ᠲᠣᠭᠤᠷᠢᠭ᠂ ᠬᠥᠬᠡᠬᠤᠲᠠ ᠶᠢᠨ | ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠨᠢ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠰᠢᠯᠢᠳᠡᠭ | ᠬᠤᠪᠢ ᠨᠡᠮᠡᠷᠢ ᠦᠵᠡᠭᠦᠯᠦᠭᠰᠡᠨ ᠬᠦᠷᠢᠶᠡᠯᠡᠩ ᠲᠣᠭᠤᠷᠢᠭ᠂ ᠬᠥᠬᠡᠬᠤᠲᠠ ᠶᠢᠨ ᠬᠤᠷᠢᠨᠭᠡᠷ ᠰᠦ ᠶᠢᠨ ᠦᠢᠯᠡᠰ ᠤᠨ | ᠨᠡᠭᠡᠭᠡᠯᠲᠡ ᠶᠢᠨ ᠲᠣᠭᠤᠷᠢᠭ ᠨᠢ ᠲᠦᠷᠭᠡᠨ ᠬᠤᠰᠢᠭᠤᠷᠠᠵᠤ ᠳᠡᠰ ᠳᠡᠪᠰᠢᠭᠰᠡᠨ ᠬᠦᠷᠢᠶᠡᠯᠡᠩ ᠲᠣᠭᠤᠷᠢᠭ ᠢᠶᠠᠷ | ᠦᠨᠡᠯᠡᠭᠳᠡᠪᠡ᠃ |