︵ᠰᠤᠷᠪᠤᠯᠵᠢᠯᠠᠭᠴᠢ ᠮᠢᠶᠣᠣ ᠰᠢᠨ︶ ᠵᠡᠮᠳᠡᠭᠴᠦᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ | ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠡᠮᠳᠡᠭᠴᠦᠳ ᠤᠨ ᠠᠵᠢᠯ ᠣᠯᠭᠤᠯᠲᠠ ᠶᠢᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ | ᠳᠥᠷᠪᠡᠨ ᠭᠠᠵᠠᠷ ᠤᠨ ᠵᠡᠮᠳᠡᠭᠴᠦᠳ ᠤᠨ ᠠᠵᠢᠯ ᠢ ᠨᠢᠭᠡ ᠬᠤᠲᠠᠴᠢᠯᠠᠨ ᠬᠥᠭᠵᠢᠭᠦᠯᠬᠦ ᠶᠢᠨ ᠲᠤᠰᠠᠳᠠ᠂ 7 ᠳ᠋ᠤᠭᠠᠷ | ᠰᠠᠷ᠎ᠠ ᠶᠢᠨ 27 ᠤ ᠡᠳᠦᠷ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ 2024 ᠣᠨ ᠤ ᠵᠡᠮᠳᠡᠭᠴᠦᠳ ᠤᠨ | ᠠᠵᠢᠯ ᠣᠯᠭᠤᠯᠲᠠ ᠶᠢ ᠠᠬᠢᠭᠤᠯᠬᠤ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠴᠢ ᠵᠡᠮᠳᠡᠭ | ᠤᠶᠤᠲᠠᠳ ᠤᠨ ᠲᠤᠰᠬᠠᠶ ᠠᠵᠢᠯᠲᠠᠨ ᠡᠯᠰᠡᠬᠦ ᠴᠤᠭᠯᠠᠭᠠᠨ ᠬᠥᠬᠡᠬᠤᠲᠠ ᠳᠤ ᠶᠠᠪᠤᠭᠳᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠲᠦᠷᠪᠡᠨ ᠭᠠᠵᠠᠷ ᠤᠨ ᠵᠡᠮᠳᠡᠭᠴᠦᠳ ᠤᠨ ᠬᠤᠯᠪᠣᠭ᠎ᠠ ᠶᠢᠨ | ᠬᠠᠷᠢᠭᠤᠴᠠᠯᠭᠠᠲᠠᠨ ᠬᠠᠮᠲᠤᠪᠠᠷ ︽ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠵᠡᠮᠳᠡᠭᠴᠦᠳ ᠤᠨ ᠠᠵᠢᠯ | ᠣᠯᠭᠤᠯᠲᠠ ᠶᠢ ᠨᠢᠭᠡ ᠬᠤᠳᠠᠴᠢᠯᠠᠬᠤ ᠦᠢᠯᠡᠴᠢᠯᠡᠭᠡᠨ ᠤ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠪᠠ | ᠃ | ᠲᠠᠨᠢᠯᠴᠠᠭᠤᠯᠤᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠪᠣᠯ ᠬᠥᠬᠡᠬᠤᠲᠠ ᠪᠤᠭᠤᠲᠤ | ᠣᠷᠳᠣᠰ ᠤᠯᠠᠭᠠᠨᠴᠠᠪ ᠤᠨ ᠨᠢᠭᠡ ᠬᠤᠲᠠᠴᠢᠯᠠᠭᠰᠠᠨ ᠬᠥᠭᠵᠢᠯᠲᠡ ᠶᠢᠨ ᠬᠠᠮᠲᠤᠷᠠᠯᠴᠠᠭᠠᠨ ᠤ ᠪᠦᠳᠦᠭᠦᠪᠴᠢ | ᠬᠡᠯᠡᠯᠴᠡᠭᠡᠷ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠨᠡ ᠨᠢ ᠣᠷᠣᠨ ᠪᠦᠰᠡ ᠶᠢᠨ ᠰᠢᠨ᠎ᠡ ᠶᠢ | ᠡᠭᠦᠳᠦᠨ ᠬᠥᠭᠵᠢᠬᠦ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠥᠷᠪᠡᠨ ᠭᠠᠵᠠᠷ ᠤᠨ | ᠴᠢᠳᠠᠪᠤᠷᠢᠲᠠᠨ ᠤ ᠰᠣᠯᠢᠯᠴᠠᠭᠠᠨ ᠤ ᠬᠥᠭᠵᠢᠯᠲᠡ ᠶᠢ ᠠᠬᠢᠭᠤᠯᠤᠨ᠂ ᠬᠥᠮᠦᠨ ᠤ ᠬᠦᠴᠦᠨ ᠤ ᠡᠬᠢ ᠪᠠᠶᠠᠯᠢᠭ ᠢ | ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠬᠤᠲᠠ ᠮᠠᠶ᠋ᠢᠭ ᠤᠨ | ᠴᠢᠨᠠᠷ ᠰᠠᠶᠢᠲᠠᠶ ᠬᠥᠭᠵᠢᠯᠲᠡ ᠳᠤ ᠴᠢᠳᠠᠪᠤᠷᠢᠲᠠᠨ ᠤ ᠳᠡᠮᠵᠢᠯᠭᠡ ᠬᠠᠩᠭᠠᠬᠤ ᠶᠢᠨ ᠲᠥᠯᠥᠭᠡ ᠶᠤᠮ᠃ | ᠲᠣᠰ ᠤᠳᠠᠭᠠᠨ ᠤ ᠠᠵᠢᠯᠯᠠᠭ᠎ᠠ ᠶᠢ ᠬᠥᠬᠡᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠪᠤᠭᠤᠲᠤ ᠬᠤᠲᠠ ᠶᠢᠨ | ᠵᠡᠮᠳᠡᠭᠴᠦᠳ ᠤᠨ ᠬᠤᠯᠪᠣᠭ᠎ᠠ᠂ ᠣᠷᠳᠣᠰ ᠬᠤᠲᠠ ᠶᠢᠨ ᠵᠡᠮᠳᠡᠭᠴᠦᠳ ᠤᠨ ᠬᠤᠯᠪᠣᠭ᠎ᠠ᠂ ᠤᠯᠠᠭᠠᠨᠴᠠᠪ ᠬᠤᠲᠠ ᠶᠢᠨ | ᠵᠡᠮᠳᠡᠭᠴᠦᠳ ᠤᠨ ᠬᠤᠯᠪᠣᠭ᠎ᠠ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠬᠥᠬᠡᠬᠤᠲᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠠᠴᠠ ᠭᠤᠤᠯᠯᠠᠨ ᠡᠷᠬᠢᠯᠡᠵᠡᠢ᠃ |