︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠭᠡᠯ ᠤᠨ | ᠲᠣᠪᠴᠢᠶᠠᠨ ᠠᠴᠠ ᠣᠶᠢᠯᠠᠭᠠᠵᠤ ᠮᠡᠳᠡᠭᠰᠡᠨ ᠨᠢ᠂ ᠳᠡᠭᠡᠷ᠎ᠡ ᠬᠠᠭᠠᠰ ᠵᠢᠯ ᠳᠤ᠂ ᠬᠥᠬᠡᠬᠤᠲᠠ ᠪᠦᠲᠦᠴᠡ ᠶᠢ | ᠲᠣᠬᠢᠷᠠᠭᠤᠯᠬᠤ᠂ ᠠᠵᠤ ᠦᠢᠯᠡᠰ ᠢ ᠰᠢᠯᠢᠳᠡᠭᠵᠢᠭᠦᠯᠬᠦ᠂ ᠬᠡᠷᠡᠭᠯᠡᠭᠡ ᠶᠢ ᠠᠬᠢᠭᠤᠯᠬᠤ᠂ ᠠᠷᠠᠳ ᠤᠨ ᠠᠮᠢᠳᠤᠷᠠᠯ ᠢ | ᠪᠠᠲᠤᠯᠠᠬᠤ ᠲᠠᠯ᠎ᠠ ᠪᠠᠷ ᠬᠦᠴᠦ ᠲᠠᠯᠪᠢᠵᠤ᠂ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ | ᠲᠣᠭᠲᠠᠭᠤᠨ ᠪᠠᠶᠢᠨ᠎ᠠ᠃ ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1869. | 2 ᠳ᠋ᠦᠩᠰᠢᠭᠤᠷ ᠲᠥᠭᠦᠷᠢᠭ ᠬᠦᠷᠴᠦ᠂ ᠬᠤᠪᠢᠷᠠᠬᠤ ᠦᠭᠡᠢ ᠦᠨ᠎ᠡ ᠪᠠᠷ ᠪᠤᠳᠤᠪᠠᠯ᠂ ᠠᠳᠠᠯᠢ | ᠬᠤᠭᠤᠴᠠᠭᠠᠨ ᠤ ᠬᠢ ᠠᠴᠠ 6.2% ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠷᠡᠭᠦᠯ ᠲᠣᠭᠲᠠᠭᠤᠨ ᠪᠠᠶᠢᠵᠤ᠂ ᠠᠵᠤ ᠠᠬᠤᠶ ᠶᠢᠨ | ᠭᠤᠤᠯ ᠬᠦᠢᠴᠡᠳᠭᠡᠯ ᠲᠤᠭ᠎ᠠ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠪᠠᠷᠢᠮᠲᠠᠯᠠᠪᠠ᠃ ᠪᠥᠬᠦ ᠬᠤᠲᠠ ᠶᠢᠨ | ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠭᠠᠷᠤᠯᠲᠠ ᠠᠳᠠᠯᠢ | ᠬᠤᠭᠤᠴᠠᠭᠠᠨ ᠠᠴᠠ 4.5% ᠨᠡᠮᠡᠭᠳᠡᠵᠡᠢ᠃ ᠲᠠᠷᠢᠶᠠᠯᠠᠩ ᠤᠨ ᠪᠠᠶᠢᠳᠠᠯ ᠤᠨ ᠪᠦᠷᠢᠳᠬᠡᠯ ᠢ ᠦᠨᠳᠦᠰᠦᠯᠡᠪᠡᠯ᠂ ᠠᠮᠤ | ᠪᠤᠳᠠᠭ᠎ᠠ ᠳᠠᠷᠢᠬᠤ ᠡᠭᠦᠷᠭᠡ ᠪᠠᠨ ᠪᠡᠶᠡᠯᠡᠭᠦᠯᠵᠦ᠂ 2024 ᠣᠨ ᠳᠤ ᠪᠥᠬᠦ ᠬᠤᠲᠠ ᠶᠢᠨ ᠠᠮᠤ ᠪᠤᠳᠠᠭ᠎ᠠ ᠳᠠᠷᠢᠬᠤ | ᠲᠠᠯᠠᠪᠠᠶ 565.1 ᠲᠦᠮᠡᠨ ᠮᠥ ᠪᠠᠶᠢᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠮᠤ ᠪᠤᠳᠠᠭ᠎ᠠ | ᠳᠠᠷᠢᠬᠤ ᠡᠭᠦᠷᠭᠡ ᠶᠢ ᠪᠡᠶᠡᠯᠡᠭᠦᠯᠪᠡ︔ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ | ᠦᠷᠭᠦᠯᠵᠢᠯᠡᠨ ᠴᠢᠩᠭᠠᠷᠠᠵᠤ᠂ ᠢᠳᠡᠰᠢᠨ ᠦᠬᠡᠷ᠂ ᠢᠳᠡᠰᠢᠨ ᠬᠤᠨᠢ᠂ ᠠᠮᠢᠳᠤ ᠭᠠᠭ᠋ᠠᠶ ᠵᠡᠷᠭᠡ ᠶᠢᠨ ᠭᠠᠷᠭᠠᠯᠲᠠ | ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠳᠥᠷᠪᠡᠨ ᠮᠢᠬ᠎ᠠ ︵ᠭᠠᠭ᠋ᠠᠶ ᠦᠬᠡᠷ ᠬᠤᠨᠢ ᠵᠢᠭᠦᠷᠲᠡᠨ | ︶ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠪᠡ︔ ᠵᠢᠭᠦᠷᠲᠡᠨ ᠤ ᠭᠠᠷᠤᠯᠲᠠ 5. | 4% ᠪᠠᠷ ᠨᠡᠮᠡᠭᠳᠡᠪᠡ︔ ᠰᠦ ᠶᠢᠨ ᠭᠠᠷᠤᠯᠲᠠ 11.6% ᠪᠠᠷ ᠨᠡᠮᠡᠭᠳᠡᠵᠦ᠂ ᠮᠠᠯ ᠤᠨ ᠠᠰᠢᠭ ᠰᠢᠮ᠎ᠡ ᠶᠢᠨ ᠭᠤᠤᠯ | ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠪᠦᠷᠢᠳᠬᠡᠯ ᠤᠨ ᠲᠤᠭ᠎ᠠ | ᠪᠠᠷᠢᠮᠲᠠ ᠳᠤ ᠢᠯᠡᠷᠡᠭᠦᠯᠦᠭᠰᠡᠨ ᠢᠶᠠᠷ᠂ ᠢᠳᠡᠰᠢᠨ ᠨᠣᠭᠤᠭ᠎ᠠ ᠶᠢᠨ ᠲᠠᠯᠠᠪᠠᠶ ᠤᠨᠠᠯᠲᠠ ᠬᠤᠤᠰ ᠨᠡᠮᠡᠭᠳᠡᠯ ᠢ | ᠪᠡᠶᠡᠯᠡᠭᠦᠯᠵᠦ᠂ ᠪᠥᠬᠦ ᠬᠤᠲᠠ ᠶᠢᠨ ᠢᠳᠡᠰᠢᠨ ᠨᠣᠭᠤᠭ᠎ᠠ ᠵᠢᠴᠢ ᠢᠳᠡᠭᠡᠨ ᠤ ᠮᠥᠭᠦ ᠶᠢᠨ ᠳᠠᠷᠢᠬᠤ ᠲᠠᠯᠠᠪᠠᠶ 20.9 | ᠲᠦᠮᠡᠨ ᠮᠥ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 82.4% ᠪᠠᠷ ᠨᠡᠮᠡᠭᠳᠡᠪᠡ︔ ᠤᠨᠠᠯᠲᠠ ᠨᠢ 7.8 | ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 26.2% ᠢᠶᠠᠷ ᠨᠡᠮᠡᠭᠳᠡᠪᠡ᠃ | ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠢᠶᠠᠷ ᠰᠠᠶᠢᠵᠢᠷᠠᠪᠠ᠃ ᠪᠦᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9. | 5% ᠪᠠᠷ ᠨᠡᠮᠡᠭᠳᠡᠵᠦ᠂ ᠭᠤᠷᠪᠠᠨ ᠶᠡᠭᠡ ᠲᠥᠷᠥᠯ ᠬᠠᠮᠵᠢᠯᠴᠠᠨ ᠬᠦᠴᠦᠯᠡᠪᠡ᠃ ᠠᠭᠤᠷᠬᠠᠶ ᠶᠢᠨ ᠦᠢᠯᠡᠰ᠂ | ᠦᠢᠯᠡᠳᠬᠦ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠲᠤᠰ ᠲᠤᠰ ᠠᠳᠠᠯᠢ | ᠬᠤᠭᠤᠴᠠᠭᠠᠨ ᠤ ᠬᠢ ᠠᠴᠠ 20.5%᠂ 5.4% ᠪᠠ 23.4% ᠪᠠᠷ ᠨᠡᠮᠡᠭᠳᠡᠪᠡ᠃ ᠭᠤᠤᠯᠳᠠᠯᠭ᠎ᠠ ᠲᠠᠢ ᠠᠵᠢᠯ | ᠲᠥᠷᠥᠯ ᠤᠨ ᠬᠤᠪᠢ ᠨᠡᠮᠡᠷᠢ ᠨᠢ ᠬᠦᠴᠦᠲᠡᠶ᠃ ᠪᠦᠷᠢᠳᠭᠡᠭᠰᠡᠨ 28 ᠠᠵᠤ ᠦᠢᠯᠡᠳᠪᠦᠷᠢ ᠶᠢᠨ ᠶᠡᠭᠡ ᠲᠥᠷᠥᠯ ᠤᠨ | ᠠᠵᠢᠯ ᠲᠥᠷᠥᠯ ᠤᠨ ᠳᠣᠲᠣᠷ᠎ᠠ᠂ 19 ᠠᠵᠢᠯ ᠲᠥᠷᠥᠯ ᠤᠨ ᠨᠡᠮᠡᠭᠳᠡᠯ ᠥᠷᠲᠡᠭ ᠨᠢ ᠡᠶᠡᠷᠭᠦ ᠨᠡᠮᠡᠭᠳᠡᠯ ᠢ ᠪᠡᠶᠡᠯᠡᠭᠦᠯᠵᠦ | ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ ᠪᠠᠷᠤᠭ ᠳᠣᠯᠣᠭᠠᠨ ᠬᠤᠪᠢ ᠰᠢᠬᠠᠮ ᠪᠣᠯᠪᠠ᠃ ᠡᠭᠦᠨ ᠳᠤ᠂ | ᠢᠳᠡᠭᠡᠨ ᠦᠢᠯᠡᠳᠬᠦ ᠦᠢᠯᠡᠰ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠡᠳ᠋ᠰᠢᠭᠦᠯᠬᠦ | ᠦᠢᠯᠡᠳᠪᠦᠷᠢ᠂ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ | ᠵᠡᠷᠭᠡ ᠭᠤᠷᠪᠠᠨ ᠶᠡᠭᠡ ᠭᠤᠤᠯᠳᠠᠯᠭ᠎ᠠ ᠲᠠᠢ ᠠᠵᠢᠯ ᠲᠥᠷᠥᠯ ᠤᠨ ᠨᠡᠮᠡᠭᠳᠡᠯ ᠥᠷᠲᠡᠭ ᠲᠣᠰ ᠲᠣᠰ ᠠᠳᠠᠯᠢ | ᠬᠤᠭᠤᠴᠠᠭᠠᠨ ᠤ ᠬᠢ ᠠᠴᠠ 13.0%᠂ 15.7% ᠪᠠ 19.6 % ᠪᠠᠷ ᠨᠡᠮᠡᠭᠳᠡᠵᠦ᠂ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠨᠡᠶᠢᠲᠡ ᠬᠤᠪᠢ ᠨᠡᠮᠡᠷᠢ | ᠦᠵᠡᠭᠦᠯᠦᠭᠰᠡᠨ ᠨᠣᠷᠮ᠎ᠠ 90.8% ᠬᠦᠷᠴᠡᠶ᠃ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠭᠦᠨ ᠤ | ᠭᠠᠷᠤᠯᠲᠠ ᠲᠣᠭᠲᠠᠭᠤᠨ ᠢᠶᠠᠷ ᠨᠡᠮᠡᠭᠳᠡᠵᠦ᠃ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠪᠦᠷᠢᠳᠬᠡᠯ ᠤᠨ 77 ᠵᠦᠢᠯ ᠤᠨ ᠪᠦᠲᠦᠭᠡᠭᠳᠡᠬᠦᠨ ᠤ ᠳᠤᠲᠤᠷ᠎ᠠ 57.1% ᠨᠢ ᠡᠶᠡᠷᠭᠦ | ᠨᠡᠮᠡᠭᠳᠡᠯ ᠢ ᠪᠡᠶᠡᠯᠡᠭᠦᠯᠵᠡᠢ᠃ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠬᠡᠪᠴᠢᠶ᠎ᠡ᠂ ᠠᠰᠢᠭ ᠬᠤᠨᠵᠢᠪᠣᠷᠢ ᠶᠢᠨ | ᠶᠡᠷᠦᠩᠬᠡᠶ ᠬᠡᠮᠵᠢᠶ᠎ᠡ ᠳᠡᠭᠡᠭᠰᠢᠯᠡᠪᠡ᠃ 1 ᠠᠴᠠ 5 ᠳ᠋ᠤᠭᠠᠷ ᠰᠠᠷ᠎ᠠ ᠳᠤ᠂ ᠠᠷᠪᠠᠨ ᠠᠵᠢᠯ ᠲᠥᠷᠥᠯ ᠤᠨ ᠲᠥᠷᠥᠯ ᠤᠨ | ᠡᠵᠡᠩᠨᠡᠯᠲᠡ ᠶᠢᠨ ᠣᠷᠣᠯᠭ᠎ᠠ ᠠᠴᠠ ︽7 ᠳᠡᠭᠡᠭᠰᠢᠯᠡᠵᠦ 3 ᠪᠠᠭᠤᠷᠠᠵᠤ︾᠂ ᠳᠥᠷᠪᠡᠨ ᠬᠤᠪᠢ ᠶᠢᠨ ᠠᠵᠢᠯ | ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ ᠡᠭᠦᠨ ᠳᠤ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ | ᠦᠢᠯᠡᠴᠢᠯᠡᠭᠡᠨ ᠤ ᠦᠢᠯᠡᠰ᠂ ᠰᠤᠷᠭᠠᠨ ᠬᠥᠮᠦᠵᠢᠯ ᠠᠳᠠᠯᠢ ᠬᠤᠭᠤᠴᠠᠭᠠᠨ ᠤ ᠬᠢ ᠠᠴᠠ 14.0%᠂ 21.0% ᠪᠠ | 19.2% ᠢᠶᠠᠷ ᠨᠡᠮᠡᠭᠳᠡᠪᠡ᠃ ᠠᠵᠤ ᠠᠬᠤᠶᠢᠯᠠᠯ ᠤᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ 318 | ᠬᠡᠪᠴᠢᠶᠡᠵᠢᠯ ᠠᠴᠠ ᠳᠡᠭᠡᠭᠰᠢᠬᠢ ᠠᠰᠢᠭ ᠬᠤᠨᠵᠢᠪᠣᠷᠢ ᠶᠢᠨ ᠴᠢᠨᠠᠷᠲᠠᠶ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ 103.6 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ | 11.6% ᠪᠠᠷ ᠨᠡᠮᠡᠭᠳᠡᠨ᠂ ᠠᠰᠢᠭ ᠬᠤᠨᠵᠢᠪᠣᠷᠢ ᠶᠢ 9.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 2.7 ᠳ᠋ᠦᠩᠰᠢᠭᠤᠷ ᠲᠥᠭᠦᠷᠢᠭ ᠨᠡᠮᠡᠭᠳᠡᠪᠡ᠃ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠵᠦ᠂ ᠠᠵᠤ ᠠᠬᠤᠢ ᠶᠢᠨ | ᠤᠷᠳᠤ ᠬᠤᠭᠤᠴᠠᠭᠠᠨ ᠤ ᠲᠣᠭᠲᠠᠭᠤᠨ ᠢᠶᠠᠷ ᠰᠠᠶᠢᠵᠢᠷᠠᠬᠤ ᠲᠤᠯᠭᠠᠭᠤᠷᠢᠯᠠᠬᠤ ᠬᠥᠳᠡᠯᠭᠡᠬᠦ ᠬᠦᠴᠦᠨ ᠢ | ᠬᠤᠷᠠᠮᠳᠤᠭᠤᠯᠪᠠ᠃ ᠪᠦᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 14.9% ᠪᠠᠷ ᠨᠡᠮᠡᠭᠳᠡᠪᠡ᠃ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠬᠤ | ᠦᠢᠯᠡᠳᠦᠯ ᠢᠯᠡᠳᠲᠡ ᠪᠣᠯᠵᠣ᠂ ᠪᠥᠬᠦ ᠬᠤᠲᠠ ᠶᠢᠨ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ | ᠵᠦᠢᠯ ᠤᠨ ᠪᠠᠯᠠ ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 56. | 7% ᠪᠠᠶᠢᠵᠤ᠂ ᠡᠭᠦᠨ ᠳᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ 6 ᠳ᠋ᠤᠭᠠᠷ | ᠰᠠᠷ᠎ᠠ ᠶᠢᠨ ᠲᠣᠰ ᠰᠠᠷ᠎ᠠ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠨᠢ ᠪᠥᠬᠦ ᠪᠠᠯᠠ | ᠣᠷᠣᠭᠤᠯᠤᠯᠲᠠ ᠶᠢᠨ ᠲᠣᠰ ᠰᠠᠷ᠎ᠠ ᠶᠢᠨ ᠨᠡᠮᠡᠭᠳᠡᠯ ᠤᠨ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 56.8% | ᠪᠠᠶᠢᠵᠤ᠂ ᠪᠥᠬᠦ ᠬᠤᠲᠠ ᠶᠢᠨ ᠪᠠᠯᠠ ᠣᠷᠣᠭᠤᠯᠤᠯᠲᠠ ᠶᠢᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ᠃ | ᠠᠷᠠᠳ ᠤᠨ ᠪᠡᠯᠡ ᠣᠷᠣᠭᠤᠯᠤᠯᠲᠠ ᠲᠣᠭᠲᠠᠭᠤᠨ ᠢᠶᠠᠷ ᠳᠡᠭᠡᠭᠰᠢᠯᠡᠵᠦ᠂ ᠪᠦᠬᠦ ᠪᠡᠯᠡ ᠣᠷᠣᠭᠤᠯᠤᠯᠲᠠ ᠳᠠᠬᠢ | ᠠᠷᠠᠳ ᠤᠨ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ 34.9% ᠪᠣᠯᠵᠤ᠂ ᠠᠳᠠᠯᠢ | ᠬᠤᠭᠤᠴᠠᠭᠠᠨ ᠤ ᠬᠢ ᠠᠴᠠ 17.1% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢ ᠳᠠᠶᠢᠴᠢᠯᠠᠨ 5.9 ᠵᠠᠭᠤᠨ ᠤ | ᠴᠡᠭ ᠨᠡᠮᠡᠭᠳᠡᠭᠦᠯᠪᠡ᠃ ᠡᠭᠦᠨ ᠳᠤ᠂ ᠠᠷᠠᠳ ᠤᠨ ᠳᠤᠮᠳᠠᠬᠢ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ | ᠪᠦᠬᠦ ᠠᠷᠠᠳ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 61.6% ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 25.8% ᠪᠠᠷ ᠨᠡᠮᠡᠭᠳᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢ | ᠳᠠᠶᠢᠴᠢᠯᠠᠨ 14.8 ᠵᠠᠭᠤᠨ ᠤ ᠨᠢᠭᠡᠴᠢ ᠨᠡᠮᠡᠭᠳᠡᠭᠦᠯᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠭᠤᠣᠯ ᠳᠠᠶᠢᠴᠢᠯᠠᠬᠤ ᠬᠦᠴᠦᠨ ᠵᠦᠢᠯ ᠪᠣᠯᠪᠠ᠃ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ | ᠬᠤᠳᠠᠯᠳᠤᠨ ᠠᠪᠬᠤ ᠵᠠᠷᠤᠳᠠᠯ ᠠᠵᠤ ᠠᠬᠤᠶᠢᠯᠠᠯ ᠲᠣᠭᠲᠠᠭᠤᠨ ᠢᠶᠠᠷ ᠰᠠᠶᠢᠵᠢᠷᠠᠵᠤ᠂ ᠪᠥᠬᠦ ᠬᠤᠲᠠ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠳᠠᠬᠢ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠤᠨ ᠪᠠᠯᠠ | ᠣᠷᠣᠭᠤᠯᠤᠯᠲᠠ ᠶᠢᠨ ᠪᠥᠬᠦ ᠪᠠᠯᠠ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 16.6% ᠪᠠᠶᠢᠵᠤ᠂ | ᠠᠳᠠᠯᠢ ᠬᠤᠭᠤᠴᠠᠭᠠᠨ ᠤ ᠬᠢ ᠠᠴᠠ 9.9% ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ 1. | 7 ᠵᠠᠭᠤᠨ ᠤ ᠨᠢᠭᠡᠴᠢ ᠨᠡᠮᠡᠭᠳᠡᠭᠦᠯᠪᠡ᠃ | ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠠᠵᠢᠯᠯᠠᠪᠠ᠃ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 560.1 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ᠃ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠴᠢᠬᠤᠯᠠ | ᠬᠥᠳᠡᠯᠭᠡᠭᠦᠷ ᠪᠣᠯᠵᠤ᠂ ᠵᠢᠵᠢᠭᠯᠡᠨ ᠬᠤᠳᠠᠯᠳᠤᠭᠰᠠᠨ ᠲᠤᠭ᠎ᠠ 220 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 26.1% ᠪᠠᠷ ᠨᠡᠮᠡᠭᠳᠡᠪᠡ᠃ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡ | ᠨᠡᠯᠢᠶᠡᠳ ᠲᠦᠷᠭᠡᠨ ᠨᠡᠮᠡᠭᠳᠡᠪᠡ᠃ ᠪᠥᠬᠦ ᠬᠤᠲᠠ ᠶᠢᠨ ᠵᠢᠵᠢᠭᠯᠡᠨ ᠬᠤᠳᠠᠯᠳᠤᠬᠤ ᠬᠤᠳᠠᠯᠳᠤᠭᠠᠨ ᠤ ᠬᠡᠲᠦ | ᠳᠡᠯᠭᠡᠭᠦᠷ ᠤᠨ ᠡᠵᠡᠩᠨᠡᠯᠲᠡ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠠᠮᠤ ᠪᠤᠳᠠᠭ᠎ᠠ ᠲᠣᠰᠣ ᠢᠳᠡᠭᠡᠨ ᠤ | ᠵᠦᠢᠯ᠂ ᠤᠮᠳᠠᠭᠠᠨ ᠤ ᠲᠥᠷᠥᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠦᠨᠳᠦᠰᠦᠨ ᠠᠮᠢᠳᠤᠷᠠᠯ ᠤᠨ | ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 32.6%᠂ 40.5%᠂ 71.6% ᠪᠠᠷ | ᠨᠡᠮᠡᠭᠳᠡᠪᠡ᠃ ᠳᠡᠰ ᠳᠡᠪᠰᠢᠬᠦ ᠲᠥᠷᠥᠯ ᠤᠨ ᠬᠡᠷᠡᠭᠯᠡᠭᠡᠨ ᠤ ᠥᠰᠦᠯᠲᠡ ᠨᠢ ᠢᠯᠡᠷᠬᠡᠢ᠃ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ | ᠲᠥᠷᠥᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ ᠵᠡᠭᠦᠵᠦ ᠪᠣᠯᠬᠤ ᠤᠶᠤᠨᠲᠤ | ᠲᠥᠬᠦᠭᠡᠷᠦᠮᠵᠢ ᠶᠢᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ ᠲᠣᠰ ᠲᠣᠰ 152.6%᠂ 207.5%᠂ 170.7% ᠪᠠᠷ ᠨᠡᠮᠡᠭᠳᠡᠵᠦ᠂ ᠨᠡᠯᠢᠶᠡᠳ | ᠰᠠᠶᠢᠨ ᠨᠡᠮᠡᠭᠳᠡᠯ ᠤᠨ ᠪᠠᠶᠢᠳᠠᠯ ᠢᠯᠡᠷᠡᠪᠡ᠃ |