6 ᠳ᠋ᠤᠭᠠᠷ ᠰᠠᠷ᠎ᠠ ᠶᠢᠨ 27 ᠤ ᠦᠳᠡ ᠶᠢᠨ ᠬᠤᠶᠢᠨ᠎ᠠ᠂ ᠶᠣᠣ ᠭᠧᠦ ᠰᠢᠶᠠᠩ ᠤᠨ ᠠᠷᠠᠳ ᠤᠨ ᠵᠡᠪᠰᠡᠭᠲᠦ | ᠬᠦᠴᠦᠨ ᠤ ᠬᠡᠯᠲᠡᠰ ᠳ᠋ᠡ ᠵᠢᠩ ᠭᠧᠦ ᠲᠣᠰᠬᠤᠨ ᠤ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠳ ᠲᠠᠢ | ᠬᠠᠮᠲᠤᠷᠠᠨ︽ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠪᠢᠴᠢᠭᠯᠡᠵᠦ ᠭᠠᠷ ᠬᠤᠯᠪᠣᠨ ︿7.1﹀ | ᠢ ᠬᠠᠮᠲᠤᠪᠠᠷ ᠪᠦᠲᠦᠭᠡᠨ ᠪᠠᠶᠢᠭᠤᠯᠤᠶ᠎ᠠ︾ ᠭᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ | ᠥᠷᠨᠢᠭᠦᠯᠪᠡ᠃ | ᠰᠢᠶᠠᠩ ᠤᠨ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢ ᠸᠧᠢ ︽ | ᠳᠣᠯᠣᠭᠠᠨ ᠰᠠᠷ᠎ᠠ ᠶᠢᠨ ᠨᠢᠭᠡᠨ ᠢ ᠤᠭᠲᠤᠵᠤ᠂ ᠠᠩᠬᠠᠨ ᠤ ᠰᠡᠳᠬᠢᠯ ᠢ ᠡᠷᠭᠢᠴᠡᠭᠦᠯᠵᠦ᠂ ᠨᠠᠮ ᠤᠨ ᠲᠡᠦᠬᠡ ᠶᠢ | ᠰᠤᠷᠤᠯᠴᠠᠨ᠂ ᠰᠢᠨ᠎ᠡ ᠭᠠᠪᠢᠶ᠎ᠠ ᠪᠠᠶᠢᠭᠤᠯᠤᠶ᠎ᠠ︾ ᠭᠡᠬᠦ ᠰᠡᠳᠦᠪ ᠢᠶᠠᠷ᠂ ᠰᠣᠷᠣᠭᠰᠠᠨ ᠵᠦᠢᠯ ᠲᠠᠢ ᠪᠠᠨ | ᠤᠶᠠᠯᠳᠤᠭᠤᠯᠤᠨ᠂ ᠲᠤᠰᠬᠠᠢ ᠰᠡᠳᠦᠪᠲᠦ ᠨᠠᠮ ᠤᠨ ᠬᠢᠴᠢᠶᠡᠯ ᠵᠢᠭᠠᠵᠤ᠂ ᠨᠠᠮ ᠤᠨ ᠭᠡᠰᠢᠭᠦᠨ ᠺᠠᠳ᠋ᠷᠴᠤᠳ ᠢ ᠦᠵᠡᠯ | ᠰᠠᠨᠠᠭ᠎ᠠ ᠪᠠᠨ ᠨᠢᠭᠡᠳᠬᠡᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠨᠣᠯ ᠤᠨ ᠰᠤᠷᠤᠯᠴᠠᠯᠭ᠎ᠠ ᠶᠢ | ᠪᠣᠳᠠᠲᠠᠢ ᠠᠵᠢᠯ ᠲᠠᠢ ᠤᠶᠠᠯᠳᠤᠭᠤᠯᠵᠤ᠂ ᠠᠵᠢᠯ ᠤᠨ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠲᠣᠰ | ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠤᠯᠤᠰ ᠲᠥᠷᠥ ᠶᠢᠨ ᠬᠡᠪ ᠪᠣᠯᠪᠠᠰᠤᠷᠠᠯ ᠪᠠ | ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠶᠣᠣ ᠭᠧᠦ ᠰᠢᠶᠠᠩ ᠤᠨ | ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠠᠮᠵᠢᠯᠲᠠ ᠪᠦᠲᠦᠮᠵᠢ ᠡᠭᠦᠳᠬᠦ ᠬᠡᠷᠡᠭᠲᠡᠢ ᠭᠡᠵᠦ ᠱᠠᠭᠠᠷᠳᠠᠪᠠ᠃ | ᠨᠠᠮ ᠤᠨ ᠬᠢᠴᠢᠶᠡᠯ ᠤᠨ ᠲᠠᠷᠠᠭ᠎ᠠ᠂ ᠪᠤᠢ ᠪᠦᠬᠦᠢ ᠨᠠᠮ ᠤᠨ ᠭᠡᠰᠢᠭᠦᠨ ᠨᠠᠮ ᠤᠨ ᠲᠤᠭ ᠲᠤ ᠬᠠᠨᠳᠤᠵᠤ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠯᠧᠢ ᠪᠢᠨ ᠨᠥᠬᠦᠷ ᠤᠨ ᠳᠠᠭᠠᠭᠤᠯᠭ᠎ᠠ ᠪᠠᠷ᠂ ᠨᠠᠮ ᠳᠤ ᠣᠷᠣᠬᠤ | ᠲᠠᠩᠭᠠᠷᠢᠭ ᠤᠨ ᠦᠭᠡᠰ ᠢᠶᠠᠨ ᠲᠥᠪ ᠴᠢᠩᠭ᠎ᠠ ᠪᠠᠷ ᠳᠠᠪᠲᠠᠨ ᠶᠠᠷᠢᠵᠤ᠂ ᠨᠠᠮ ᠪᠣᠯᠣᠨ ᠠᠷᠠᠳ ᠲᠦᠮᠡᠨ ᠤ ᠲᠥᠯᠥᠭᠡ | ᠠᠯᠢᠪᠠ ᠪᠠᠨ ᠦᠷᠡᠭᠳᠡᠭᠦᠯᠬᠦ ᠪᠠᠷ ᠴᠠᠭ ᠢᠮᠠᠭᠲᠠ ᠪᠡᠯᠡᠬᠡᠨ ᠪᠠᠶᠢᠬᠤ ᠦᠨᠡᠨᠴᠢ ᠰᠢᠳᠤᠷᠭᠤ ᠪᠠᠨ ᠡᠷᠡᠰ ᠪᠠᠲᠤ | ᠬᠦᠴᠦᠲᠡᠢ ᠲᠠᠩᠭᠠᠷᠢᠭ ᠢᠶᠠᠷ ᠢᠯᠡᠳᠬᠡᠵᠡᠢ᠃ | ᠳᠠᠷᠠᠭ᠎ᠠ ᠨᠢ᠂ ᠪᠦᠦ ᠯᠢᠶᠠᠨ ᠲᠣᠰᠬᠤᠨ ᠤ ᠨᠠᠮ ᠤᠨ ᠬᠤᠷᠢᠶᠠᠨ ᠤ ᠶᠠᠳᠠᠭᠤ ᠬᠦᠴᠢᠷᠳᠡᠯᠲᠡᠢ ᠠᠬᠠᠮᠠᠳ ᠨᠠᠮ ᠤᠨ | ᠭᠡᠰᠢᠭᠦᠨ᠂ ᠴᠡᠷᠢᠭ ᠠᠴᠠ ᠬᠠᠯᠠᠭᠳᠠᠭᠰᠠᠳ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ᠂ ︽ᠨᠠᠮ ᠳᠤ ᠣᠷᠣᠭᠰᠠᠨ | ᠲᠠᠪᠢᠨ ᠵᠢᠯ ᠤᠨ ᠢᠷᠠᠭᠤ ᠠᠯᠳᠠᠷ︾ᠳᠤᠷᠠᠰᠬᠠᠯ ᠤᠨ ᠲᠡᠮᠳᠡᠭ ᠲᠠᠷᠬᠠᠭᠠᠪᠠ᠃ |