ᠡᠨᠡ ᠵᠢᠯ ᠠᠴᠠ ᠨᠠᠭᠠᠰᠢ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ | ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ | ᠵᠢᠱᠢᠯᠲᠡ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠪᠠ᠃ 5 ᠳ᠋ᠤᠭᠠᠷ ᠰᠠᠷ᠎ᠠ ᠳᠤ᠂ ᠪᠥᠬᠦ | ᠬᠤᠲᠠ ᠶᠢᠨ ᠠᠵᠤ ᠠᠬᠤᠶ ᠶᠢᠨ ᠠᠵᠢᠯᠯᠠᠭᠠᠨ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠡᠷᠦᠩᠬᠡᠶ ᠳᠡᠭᠡᠨ ᠲᠣᠭᠲᠠᠭᠤᠨ ᠪᠠᠶᠢᠵᠤ᠂ | ᠭᠤᠤᠯ ᠪᠣᠯᠬᠤ ᠠᠵᠢᠯ ᠲᠥᠷᠥᠯ ᠤᠨ ᠲᠤᠯᠭᠠᠭᠤᠷᠢᠯᠠᠬᠤ ᠬᠦᠴᠦᠨ ᠡᠷᠴᠢᠲᠡᠢ ᠪᠠᠶᠢᠨ᠎ᠠ | 1 - 5 ᠳ᠋ᠤᠭᠠᠷ ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠵᠦ᠂ ᠵᠢᠷᠭᠤᠭᠠᠨ ᠬᠤᠪᠢ ᠶᠢᠨ ᠠᠵᠤ | ᠦᠢᠯᠡᠳᠪᠦᠷᠢ ᠶᠢᠨ ᠠᠵᠢᠯ ᠲᠦᠷᠦᠯ ᠡᠶᠡᠷᠭᠦ ᠨᠡᠮᠡᠭᠳᠡᠯ ᠢ ᠪᠡᠶᠡᠯᠡᠭᠦᠯᠪᠡ᠃ 28 ᠠᠵᠢᠯ ᠲᠥᠷᠥᠯ ᠤᠨ ᠳᠣᠲᠣᠷ᠎ᠠ 18 | ᠠᠵᠢᠯ ᠲᠥᠷᠥᠯ ᠳᠤ ᠡᠶᠡᠷᠭᠦ ᠨᠡᠮᠡᠭᠳᠡᠯ ᠢᠯᠡᠷᠡᠵᠦ᠂ ᠨᠡᠮᠡᠭᠳᠡᠯ ᠤᠨ ᠬᠡᠪᠴᠢᠶ᠎ᠡ ᠨᠢ 64.3% ᠪᠠᠶᠢᠵᠤ᠂ ᠡᠭᠦᠨ ᠳᠤ | ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ︵16.0%︶᠂ | ᠢᠳᠡᠭᠡᠨ ᠦᠢᠯᠡᠳᠬᠦ ᠦᠢᠯᠡᠰ ︵15.1%︶᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ | ᠪᠣᠯᠪᠠᠰᠤᠷᠠᠭᠤᠯᠬᠤ ᠦᠢᠯᠡᠰ ︵14.9%︶᠂ ᠬᠢᠮᠢ ᠶᠢᠨ ᠲᠦᠭᠦᠬᠡᠶ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ | ᠦᠢᠯᠡᠳᠬᠦ ᠦᠢᠯᠡᠰ ︵35.4%︶ ᠵᠡᠷᠭᠡ 13 ᠠᠵᠢᠯ ᠲᠥᠷᠥᠯ ᠨᠢ ᠬᠤᠶᠠᠷ ᠣᠷᠣᠨᠲᠤ ᠲᠤᠭ᠎ᠠ ᠪᠠᠷ ᠨᠡᠮᠡᠭᠳᠡᠪᠡ᠃ | ᠬᠤᠶᠠᠷ᠂ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠡᠷᠴᠢᠮᠲᠡᠢ ᠪᠠᠶᠢᠵᠤ᠂ ᠬᠡᠷᠡᠭᠯᠡᠭᠡᠨ ᠤ ᠵᠠᠬ᠎ᠠ | ᠳᠡᠯᠭᠡᠭᠦᠷ ᠲᠣᠭᠲᠠᠭᠤᠨ ᠢᠶᠠᠷ ᠬᠥᠭᠵᠢᠪᠡ | 1 - 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ ᠪᠦᠷᠢᠳᠬᠡᠯ ᠳᠤ | ᠣᠷᠣᠭᠤᠯᠤᠭᠰᠠᠨ 21 ᠲᠥᠷᠥᠯ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠠᠸᠠᠷ ᠤᠨ ᠵᠢᠵᠢᠭᠯᠡᠨ | ᠬᠤᠳᠠᠯᠳᠤᠬᠤ ᠲᠥᠷᠥᠯ ᠤᠨ ᠥᠷᠲᠡᠭ ᠤᠨ ᠳᠣᠲᠣᠷ᠎ᠠ᠂ 8 ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠬᠤ | ᠲᠤᠭ᠎ᠠ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠶᠢᠯᠡᠭᠡᠳ 8.1 ᠵᠠᠭᠤᠨ ᠤ ᠴᠡᠭ ᠬᠦᠷᠪᠡ᠃ | ᠦᠨᠳᠦᠰᠦᠨ ᠠᠮᠢᠳᠤᠷᠠᠯ ᠤᠨ ᠲᠥᠷᠥᠯ ᠤᠨ ᠲᠠᠸᠠᠷ ᠤᠨ ᠨᠡᠮᠡᠭᠳᠡᠯ ᠰᠠᠶᠢᠨ᠃ 1 - 5 ᠳ᠋ᠤᠭᠠᠷ ᠰᠠᠷ᠎ᠠ ᠳᠤ᠂ | ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.2 % ᠪᠠᠷ ᠨᠡᠮᠡᠭᠳᠡᠵᠦ᠂ ᠡᠭᠦᠨ ᠳᠤ ᠦᠨᠳᠦᠰᠦᠨ | ᠠᠮᠢᠳᠤᠷᠠᠯ ᠤᠨ ᠲᠥᠷᠥᠯ ᠤᠨ ᠲᠠᠸᠠᠷ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠭᠤᠤᠯ | ᠪᠣᠯᠬᠤ ᠲᠠᠸᠠᠷ ᠤᠨ ᠳᠣᠲᠣᠷ᠎ᠠ᠂ ᠠᠮᠤ ᠲᠣᠰᠣ ᠢᠳᠡᠭᠡᠨ ᠤ ᠵᠦᠢᠯ᠂ ᠤᠮᠳᠠᠭᠠᠨ ᠤ ᠵᠦᠢᠯ᠂ ᠡᠳᠦᠷ ᠲᠤᠲᠤᠮ ᠤᠨ | ᠬᠡᠷᠡᠭᠯᠡᠭᠡᠨ ᠤ ᠵᠦᠢᠯ᠂ ᠬᠢᠲᠠᠳ ᠧᠦ᠋ᠷᠣᠫᠠ ᠡᠮ ᠤᠨ ᠵᠦᠢᠯ ᠲᠣᠰ ᠲᠣᠰ ᠠᠳᠠᠯᠢ ᠬᠤᠭᠤᠴᠠᠭᠠᠨ ᠤ ᠬᠢ ᠠᠴᠠ 34. | 3%᠂ 27.7%᠂ 72.0%᠂ 4.6 % ᠪᠠᠷ ᠨᠡᠮᠡᠭᠳᠡᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ | ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢ 6.6 ᠵᠠᠭᠤᠨ ᠤ | ᠨᠢᠭᠡᠴᠢ ᠳᠠᠶᠢᠴᠢᠯᠠᠪᠠ᠃ | ᠭᠤᠷᠪᠠ᠂ ᠪᠡᠯᠡ ᠣᠷᠣᠭᠤᠯᠤᠯᠲᠠ ᠶᠢᠨ ᠬᠦᠷᠢᠶᠡᠨ ᠤ ᠨᠡᠮᠡᠭᠳᠡᠯ ᠤᠨ ᠬᠤᠷᠳᠤᠴᠠ ᠤᠳᠠᠭᠠᠨ ᠪᠣᠯᠵᠤ᠂ ᠲᠣᠮᠣ | ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠳᠲᠡ ᠪᠣᠯᠪᠠ | 1 - 5 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ 15.2 % ᠢᠶᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ | ᠦᠵᠡᠪᠡᠯ᠂ ᠬᠤᠶᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠤ ᠬᠢ ᠠᠴᠠ 5.0% ᠪᠠᠭᠤᠷᠠᠵᠤ᠂ ᠪᠥᠬᠦ ᠪᠠᠯᠠ | ᠣᠷᠣᠭᠤᠯᠤᠯᠲᠠ ᠶᠢ 2.9 ᠵᠠᠭᠤᠨ ᠤ ᠨᠢᠭᠡᠴᠢ ᠳᠣᠷᠣᠭᠰᠢ ᠲᠠᠲᠠᠵᠤ᠂ ᠨᠢᠭᠡᠳᠦᠭᠡᠷ ᠠᠵᠤ ᠦᠢᠯᠡᠰ᠂ ᠭᠤᠷᠪᠠᠳᠤᠭᠠᠷ | ᠠᠵᠤ ᠦᠢᠯᠡᠰ ᠤᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 28.0%᠂ 22. | 8% ᠪᠠᠷ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢ ᠳᠠᠶᠢᠴᠢᠯᠠᠨ ᠨᠡᠶᠢᠲᠡ 13.0 ᠵᠠᠭᠤᠨ ᠤ ᠴᠡᠭ | ᠨᠡᠮᠡᠭᠳᠡᠭᠦᠯᠪᠡ᠃ | ᠲᠣᠮᠣ ᠲᠥᠷᠥᠯ ᠵᠦᠢᠯ ᠤᠨ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢᠯᠡᠳᠲᠡ ᠪᠣᠯᠪᠠ᠃ 1 - 5 | ᠳ᠋ᠤᠭᠠᠷ ᠰᠠᠷ᠎ᠠ ᠳᠤ᠂ ᠪᠥᠬᠦ ᠬᠤᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠶᠢᠭᠤᠯᠵᠤ ᠪᠠᠶᠢᠭ᠎ᠠ 67 ᠲᠥᠷᠥᠯ | ᠵᠦᠢᠯ ᠳᠤ ᠪᠡᠯᠡ ᠣᠷᠣᠭᠤᠯᠵᠤ᠂ ᠪᠥᠬᠦ ᠪᠠᠯᠠ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 57.8% | ᠪᠠᠶᠢᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠰᠢᠨ ᠬᠤᠸᠠᠨ ᠤ 10 ᠲᠦᠮᠡᠨ | ᠲᠣᠨ ᠮᠥᠬᠦᠯᠢᠭᠲᠦ ᠴᠠᠬᠢᠭᠤᠷ᠂ ᠳ᠋ᠠ ᠲᠠᠩ ᠤᠨ ᠴᠢᠩ ᠱᠦᠢ ᠾᠧ ᠶᠢᠨ ᠰᠠᠯᠬᠢᠨ ᠬᠦᠴᠦᠨ ᠢᠶᠠᠷ ᠴᠠᠬᠢᠯᠭᠠᠨ | ᠭᠠᠷᠭᠠᠬᠤ᠂ ᠲᠣᠭᠲᠠᠬᠤ ᠴᠠᠬᠢᠯᠭᠠᠨ ᠤ ᠦᠢᠯᠡᠳᠪᠦᠷᠢ ᠠᠴᠠ ᠬᠥᠬᠡᠬᠤᠲᠠ ᠬᠦᠷᠲᠡᠯ᠎ᠡ ᠢᠯᠴᠢ ᠬᠦᠷᠭᠡᠬᠦ ᠵᠡᠷᠭᠡ | ᠭᠤᠤᠯᠳᠠᠯᠭ᠎ᠠ ᠲᠠᠢ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠲᠣᠮᠣ ᠲᠥᠷᠥᠯ ᠵᠦᠢᠯ ᠤᠨ ᠪᠥᠬᠦ | ᠬᠤᠲᠠ ᠶᠢᠨ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠳᠤ ᠦᠵᠡᠭᠦᠯᠬᠦ ᠬᠤᠪᠢ ᠨᠡᠮᠡᠷᠢ ᠶᠢᠨ | ᠦᠢᠯᠡᠳᠦᠯ ᠢᠯᠡᠳᠲᠡ ᠴᠢᠩᠭᠠᠷᠠᠪᠠ᠃ | ᠠᠷᠠᠳ ᠤᠨ ᠳᠤᠮᠳᠠᠬᠢ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ | ᠲᠣᠭᠲᠠᠭᠤᠨ ᠢᠶᠠᠷ ᠳᠡᠭᠡᠭᠰᠢᠯᠡᠪᠡ᠃ 1 - 5 ᠳ᠋ᠤᠭᠠᠷ ᠰᠠᠷ᠎ᠡ ᠳᠤ ᠪᠦᠬᠦ ᠬᠤᠳᠠ ᠶᠢᠨ ᠠᠷᠠᠳ ᠤᠨ ᠪᠡᠯᠡ | ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠨᠢ 1 - | 4 ᠳ᠋ᠦ᠋ᠭᠡᠷ ᠰᠠᠷ᠎ᠡ ︵3.8%︶ ᠶᠢᠨ ᠬᠢ ᠠᠴᠠ 0.5 ᠵᠠᠭᠤᠨ ᠤ ᠬᠤᠪᠢ ᠶᠢᠨ ᠴᠡᠭ ᠳᠡᠭᠡᠭᠰᠢᠯᠡᠵᠤ᠂ ᠨᠢᠭᠡᠳᠦᠭᠡᠷ | ᠤᠯᠠᠷᠢᠯ ︵- 2.6︶ ᠠᠴᠠ 6.9 ᠵᠠᠭᠤᠨ ᠤ ᠬᠤᠪᠢ ᠶᠢᠨ ᠴᠡᠭ ᠳᠡᠭᠡᠭᠰᠢᠯᠡᠵᠤ᠂ ᠠᠷᠠᠳ ᠤᠨ ᠲᠤᠮᠳᠠᠬᠢ ᠲᠦᠷᠦᠯ | ᠵᠦᠢᠯ ᠤᠨ ᠪᠡᠯᠡ ᠤᠷᠤᠭᠤᠯᠤᠯᠳᠠ ᠲᠤᠭᠳᠠᠭᠤᠨ ᠤ ᠳᠤᠮᠳᠠ ᠰᠠᠶᠢᠵᠢᠷᠠᠪᠠ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠡᠯᠡ ᠣᠷᠣᠭᠤᠯᠤᠯᠲᠠ ᠶᠡᠬᠡᠪᠡᠷ ᠨᠡᠮᠡᠭᠳᠡᠪᠡ᠃ 1 - 5 | ᠳ᠋ᠤᠭᠠᠷ ᠰᠠᠷ᠎ᠠ ᠳᠤ ᠪᠦᠬᠦ ᠬᠤᠲᠠ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ | ᠬᠦᠷᠢᠶᠡᠨ ᠳᠠᠬᠢ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 30.0% ᠨᠡᠮᠡᠭᠳᠡᠵᠦ᠂ ᠪᠦᠬᠦ ᠪᠡᠯᠡ | ᠣᠷᠣᠭᠤᠯᠤᠯᠲᠠ ᠠᠴᠠ 14.8 ᠵᠠᠭᠤᠨ ᠤ ᠨᠢᠭᠡᠴᠢ ᠥᠨᠳᠥᠷ ᠪᠣᠯᠪᠠ︔ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ | ᠪᠠ ᠬᠠᠩᠭᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 27.3% ᠨᠡᠮᠡᠭᠳᠡᠵᠦ᠂ ᠪᠦᠬᠦ ᠪᠡᠯᠡ | ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 12.1 ᠵᠠᠭᠤᠨ ᠤ ᠴᠡᠭ ᠥᠨᠳᠥᠷ ᠪᠣᠯᠵᠤ᠂ ᠪᠦᠬᠦ ᠪᠡᠯᠡ | ᠣᠷᠣᠭᠤᠯᠤᠯᠲᠠ ᠶᠢ ᠨᠡᠶᠢᠲᠡ 3.9 ᠵᠠᠭᠤᠨ ᠤ ᠴᠡᠭ ᠳᠡᠭᠡᠭᠰᠢᠯᠡᠭᠦᠯᠪᠡ᠃ | ᠳᠥᠷᠪᠡ᠂ ᠲᠤᠯᠭᠠᠭᠤᠷᠢᠯᠠᠬᠤ ᠠᠵᠢᠯ ᠲᠥᠷᠥᠯ ᠤᠨ ᠲᠤᠯᠭᠠᠭᠤᠷᠢᠯᠠᠬᠤ ᠦᠢᠯᠡᠳᠦᠯ ᠡᠷᠴᠢᠲᠡᠢ ᠪᠠᠶᠢᠵᠤ᠂ | ᠭᠤᠤᠯᠳᠠᠯᠭ᠎ᠠ ᠲᠠᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠡᠷᠴᠢᠮᠲᠡᠢ ᠪᠠᠶᠢᠨ᠎ᠠ | 1 - 4 ᠳ᠋ᠦ᠋ᠭᠡᠷ ᠰᠠᠷ᠎ᠠ ᠳᠤ᠂ ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ | ᠦᠢᠯᠡᠳᠪᠦᠷᠢᠯᠡᠯ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠦᠷᠭᠦᠯᠵᠢᠯᠡᠨ ᠬᠤᠶᠠᠷ ᠣᠷᠣᠨᠲᠤ ᠲᠤᠭ᠎ᠠ ᠶᠢᠨ ᠡᠶᠡᠷᠭᠦ | ᠨᠡᠮᠡᠭᠳᠡᠯ ᠢ ᠪᠠᠲᠤᠯᠠᠪᠠ᠃ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 530 ᠦᠢᠯᠡᠴᠢᠯᠡᠭᠡᠨ ᠤ | ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 10. | 5% ᠪᠠᠷ ᠨᠡᠮᠡᠭᠳᠡᠵᠦ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 11.6 ᠵᠠᠭᠤᠨ ᠤ ᠨᠢᠭᠡᠴᠢ | ᠥᠨᠳᠥᠷ ᠪᠣᠯᠵᠤ᠂ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠬᠤᠪᠢ | ᠨᠡᠮᠡᠷᠢ ᠪᠠᠷ ᠬᠠᠮᠤᠭ ᠤᠨ ᠶᠡᠭᠡ᠂ ᠡᠵᠡᠩᠨᠡᠯᠲᠡ ᠶᠢᠨ ᠣᠷᠣᠯᠭ᠎ᠠ 70.8% ᠶᠢ ᠡᠵᠡᠯᠡᠵᠦ᠂ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 7.3 ᠵᠠᠭᠤᠨ ᠤ ᠨᠢᠭᠡᠴᠢ ᠲᠠᠶᠢᠴᠢᠯᠠᠵᠠᠢ | ᠃ | ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 10 ᠶᠡᠭᠡ ᠠᠵᠢᠯ ᠲᠥᠷᠥᠯ ᠠᠴᠠ ︽7 ᠨᠢ ᠳᠡᠭᠡᠭᠰᠢᠯᠡᠵᠦ | 3 ᠨᠢ ᠪᠠᠭᠤᠷᠠᠪᠠ︾᠂ ᠡᠭᠦᠨ ᠳᠤ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ᠂ | ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ | ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠪᠠ ᠰᠤᠷᠭᠠᠨ | ᠬᠥᠮᠦᠵᠢᠯ ᠵᠡᠷᠭᠡ 4 ᠶᠡᠭᠡ ᠠᠵᠢᠯ ᠲᠥᠷᠥᠯ ᠦᠷᠭᠦᠯᠵᠢᠯᠡᠨ ᠬᠤᠶᠠᠷ ᠣᠷᠣᠨᠲᠤ ᠲᠤᠭ᠎ᠠ ᠶᠢᠨ ᠨᠡᠯᠢᠶᠡᠳ ᠲᠦᠷᠭᠡᠨ | ᠨᠡᠮᠡᠭᠳᠡᠯ ᠢ ᠪᠠᠲᠤᠯᠠᠵᠤ᠂ ᠲᠣᠰ ᠲᠣᠰ ᠠᠳᠠᠯᠢ ᠬᠤᠭᠤᠴᠠᠭᠠᠨ ᠤ ᠬᠢ ᠠᠴᠠ 10.4%᠂ 12.4%᠂ 19.9% | ᠪᠠ 12.4% ᠨᠡᠮᠡᠭᠳᠡᠪᠡ᠃ | ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠤᠯᠭᠠᠭᠤᠷᠢᠯᠠᠬᠤ ᠦᠢᠯᠡᠳᠦᠯ ᠡᠷᠴᠢᠲᠡᠢ ᠪᠠᠶᠢᠨ᠎ᠠ᠃ ᠪᠥᠬᠦ | ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠨᠢ | ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 12.9% ᠪᠠᠷ ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠠᠴᠠ 2.4 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠬᠠᠷᠢᠴᠠᠯ ᠨᠢ 76.2% ᠬᠦᠷᠴᠦ᠂ ᠪᠥᠬᠦ | ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ 9.6 ᠵᠠᠭᠤᠨ ᠤ ᠨᠢᠭᠡᠴᠢ | ᠳᠠᠶᠢᠴᠢᠯᠠᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠢ ᠳᠠᠶᠢᠴᠢᠯᠠᠬᠤ ᠭᠤᠤᠯ | ᠬᠥᠳᠡᠯᠭᠡᠭᠦᠷ ᠪᠣᠯᠪᠠ᠃ | | | ᠲᠠᠶᠢᠯᠤᠮᠵᠢ ᠬᠢᠭᠰᠡᠨ ᠨᠢ᠄ ᠠᠢ ᠴᠤᠤ | ᠬᠠᠷᠢᠯᠴᠠᠬᠤ᠄ 0471-4606255 | ᠢᠷᠡᠯᠲᠡ᠄ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ |