ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠴᠢᠩ ᠱᠦᠢ ᠾᠧ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠰᠢᠶᠠᠨ ᠤ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠵᠢᠷᠤᠮᠵᠢᠭᠤᠯᠤᠨ ᠠᠵᠢᠯᠯᠠᠭᠤᠯᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠳᠡᠭᠡᠳᠦ ᠳᠣᠣᠷᠠᠳᠤ | ᠱᠠᠲᠤᠨ ᠤ ᠵᠣᠬᠢᠴᠠᠩᠭᠤᠢ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠰᠢᠶᠠᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠰᠢᠶᠠᠨ ᠤ ᠵᠠᠰᠠᠭ ᠤᠨ ᠣᠷᠳᠣᠨ ᠠᠴᠠ ᠲᠣᠰ ᠮᠡᠳᠡᠭᠳᠡᠯ ᠢ | ᠪᠠᠭᠤᠯᠭᠠᠭᠰᠠᠨ ᠡᠳᠦᠷ ᠠᠴᠠ ᠡᠬᠢᠯᠡᠨ ︽ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ︵ᠴᠢᠩ ᠵᠠᠰᠠᠭ ᠲᠠᠷᠬᠠᠭᠠᠭᠰᠠᠨ ﹇ | 2022﹈ 70 ᠳ᠋ᠤᠭᠠᠷ ᠲᠣᠭᠠᠲᠤ︶︔ ︽ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ ᠠᠵᠤ ᠦᠢᠯᠡᠳᠪᠦᠷᠢ ᠶᠢᠨ ᠴᠢᠨᠠᠷ | ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠲᠣᠬᠢᠷᠠᠭᠤᠯᠤᠯᠲᠠ ᠬᠢᠵᠦ ᠨᠥᠬᠦᠪᠦᠷᠢᠯᠡᠬᠦ ᠲᠥᠷᠥ ᠶᠢᠨ | ᠪᠣᠳᠣᠯᠭ᠎ᠠ︾ ︵ᠴᠢᠩ ᠵᠠᠰᠠᠭ ᠲᠠᠷᠬᠠᠭᠠᠭᠰᠠᠨ ﹇2023﹈ 83 ᠳ᠋ᠤᠭᠠᠷ ᠲᠣᠭᠠᠲᠤ︶︔ ︽ᠴᠢᠩ ᠱᠦᠢ ᠾᠧ | ᠰᠢᠶᠠᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠪᠠᠨ ᠵᠦᠢᠯ ᠤᠨ ᠠᠷᠭ᠎ᠠ | ᠬᠡᠮᠵᠢᠶ᠎ᠡ ︵ᠲᠤᠷᠰᠢᠨ ᠬᠡᠷᠡᠭᠵᠢᠭᠦᠯᠬᠦ︶︾ ︵ᠴᠢᠩ ᠵᠠᠰᠠᠭ ᠲᠠᠷᠬᠠᠭᠠᠭᠰᠠᠨ ﹇2023﹈ 111 ᠳ᠋ᠦ᠋ᠭᠡᠷ ᠲᠣᠭᠠᠲᠤ︶ | ᠶᠢ ᠬᠦᠴᠦᠨ ᠦᠭᠡᠢ ᠪᠣᠯᠭᠠᠬᠤ ᠪᠠᠷ ᠲᠣᠭᠲᠠᠪᠠ᠃ |