ᠨᠢᠭᠡ᠂ ᠬᠠᠤᠯᠢ ᠲᠣᠭᠲᠠᠭᠠᠭᠰᠠᠨ ᠠᠬᠤᠢ ᠪᠠᠶᠢᠳᠠᠯ | ︽ᠬᠥᠬᠡᠬᠤᠲᠠ ᠶᠢᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ︾ ᠪᠣᠯ ︽ᠬᠥᠬᠡᠬᠤᠲᠠ ᠶᠢᠨ ᠤᠰᠤ ᠶᠢ ᠠᠷᠪᠢᠯᠠᠵᠤ ᠬᠡᠷᠡᠭᠯᠡᠬᠦ ᠬᠠᠮᠢᠶᠠᠷᠤᠯᠲᠠ ᠶᠢᠨ | ᠳᠦᠷᠢᠮ︾᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠬᠤ ᠬᠠᠮᠢᠶᠠᠷᠤᠯᠲᠠ ᠶᠢᠨ ᠳᠦᠷᠢᠮ︾᠂ ︽ | ᠬᠥᠬᠡᠬᠤᠲᠠ ᠶᠢᠨ ᠰᠠᠭᠤᠭᠠᠯᠢ ᠠᠷᠠᠳ ᠤᠨ ᠪᠤᠰᠤ ᠤᠰᠤᠨ ᠤ ᠰᠦᠢᠳᠬᠡᠯ ᠢ ᠬᠤᠷᠢᠶᠠᠬᠤ ᠪᠠ ᠬᠡᠷᠡᠭᠯᠡᠬᠦ | ᠬᠠᠮᠢᠶᠠᠷᠤᠯᠲᠠ ᠶᠢᠨ ᠠᠷᠭ᠎ᠠ︾ ᠶᠢᠨ ᠰᠠᠭᠤᠷᠢᠨ ᠳᠡᠭᠡᠷ᠎ᠡ᠂ ᠪᠡᠭᠡᠵᠢᠩ᠂ ᠱᠧᠨᠵᠧᠨ ᠵᠡᠷᠭᠡ ᠭᠠᠵᠠᠷ ᠤᠨ ᠬᠠᠤᠯᠢ | ᠲᠣᠭᠲᠠᠭᠠᠬᠤ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠪᠠ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠵᠤ᠂ ᠬᠤᠲᠠ ᠪᠠᠯᠭᠠᠰᠤ ᠶᠢᠨ ᠰᠠᠭᠤᠭᠠᠯᠢ | ᠠᠷᠠᠳ ᠤᠨ ᠪᠤᠰᠤ ᠤᠰᠤ ᠲᠠᠲᠠᠵᠤ ᠬᠡᠷᠡᠭᠯᠡᠬᠦ ᠠᠵᠢᠯᠯᠠᠭ᠎ᠠ ᠳᠤ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠬᠡᠷᠡᠭᠵᠢᠭᠦᠯᠬᠦ ᠬᠠᠤᠯᠢ ᠲᠣᠭᠲᠠᠭᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠣᠨ᠎ᠠ᠃ | ᠬᠤᠶᠠᠷ᠂ ᠲᠣᠭᠲᠠᠭᠠᠭᠰᠠᠨ ᠠᠭᠤᠯᠭ᠎ᠠ | ︽ᠠᠷᠭ᠎ᠠ︾ ᠳᠤ ᠨᠡᠶᠢᠲᠡ 32 ᠵᠦᠢᠯ ᠲᠠᠢ᠂ ᠭᠤᠤᠯᠳᠠᠭᠤ 7 ᠲᠠᠯ᠎ᠠ ᠶᠢᠨ ᠠᠭᠤᠯᠭ᠎ᠠ ᠶᠢ ᠲᠣᠭᠲᠠᠭᠠᠪᠠ᠃ | ︵ᠨᠢᠭᠡ︶ ᠬᠡᠷᠡᠭᠯᠡᠬᠦ ᠬᠦᠷᠢᠶ᠎ᠡ ᠬᠡᠪᠴᠢᠶ᠎ᠡ ᠶᠢ ᠲᠣᠳᠣᠷᠬᠠᠢ ᠲᠣᠭᠲᠠᠭᠠᠪᠠ᠃ ︽ᠠᠷᠭ᠎ᠠ︾ ᠶᠢᠨ ᠬᠤᠶᠠᠳᠤᠭᠠᠷ | ᠵᠦᠢᠯ ᠳᠤ ᠲᠣᠰ ᠠᠷᠭ᠎ᠠ ᠨᠢ ᠮᠠᠨ ᠤ ᠬᠤᠲᠠ ᠶᠢᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠤᠰᠤ | ᠲᠠᠲᠠᠵᠤ ᠬᠡᠷᠡᠭᠯᠡᠬᠦ᠂ ᠨᠣᠭᠤᠭᠠᠷᠠᠭᠤᠯᠤᠯᠲᠠ ᠳᠤ ᠬᠡᠷᠡᠭᠯᠡᠬᠦ ᠤᠰᠤ᠂ ᠪᠠᠷᠢᠯᠭ᠎ᠠ ᠶᠢᠨ ᠤᠰᠤ ᠳᠣᠷᠣᠭᠰᠢᠯᠠᠭᠤᠯᠬᠤ᠂ | ᠤᠰᠤ ᠶᠢ ᠠᠷᠪᠢᠯᠠᠬᠤ ᠵᠢᠴᠢ ᠳᠠᠬᠢᠯᠲᠠ ᠤᠰᠤ ᠶᠢ ᠠᠰᠢᠭᠯᠠᠬᠤ ᠳᠤ ᠲᠣᠬᠢᠷᠠᠵᠤ᠂ ᠰᠠᠭᠤᠭᠠᠯᠢ ᠠᠷᠠᠳ ᠤᠨ ᠪᠤᠰᠤ | ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠨᠡᠶᠢᠳᠡᠮ ᠪᠦᠷᠬᠦᠭᠦᠯᠦᠨ᠎ᠡ᠃ | ︵ᠬᠤᠶᠠᠷ︶ ᠰᠤᠯᠠ ᠲᠠᠯᠪᠢᠵᠤ ᠪᠠᠶᠢᠭ᠎ᠠ ᠤᠰᠤᠨ ᠤ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠡᠵᠡᠮᠳᠡᠯ ᠢ | ᠴᠢᠩᠭᠠᠳᠬᠠᠪᠠ᠃ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠲᠣᠬᠢᠷᠠᠭᠤᠯᠤᠨ ᠠᠰᠢᠭᠯᠠᠬᠤ ᠶᠢᠨ | ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠯᠠ ᠲᠠᠯᠪᠢᠵᠤ ᠪᠠᠶᠢᠭ᠎ᠠ ᠤᠰᠤᠨ ᠤ | ᠭᠦᠢᠴᠡᠳᠬᠡᠯ ᠲᠤᠭ᠎ᠠ ᠶᠢ ᠰᠢᠢᠳᠪᠦᠷᠢᠯᠡᠬᠦ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ︽ | ᠠᠷᠭ᠎ᠠ︾ ᠶᠢᠨ ᠠᠷᠪᠠᠨ ᠨᠢᠭᠡᠳᠦᠭᠡᠷ ᠵᠦᠢᠯ ᠳᠤ ᠰᠠᠭᠤᠭᠠᠯᠢ ᠠᠷᠠᠳ ᠤᠨ ᠪᠤᠰᠤ ᠤᠰᠤᠨ ᠤ ᠭᠦᠢᠴᠡᠳᠬᠡᠯ ᠲᠤᠭ᠎ᠠ ᠶᠢ | ᠵᠢᠷᠭᠤᠭᠠᠨ ᠰᠠᠷ᠎ᠠ ᠠᠴᠠ ᠢᠯᠡᠭᠦᠦ ᠬᠤᠭᠤᠴᠠᠭ᠎ᠠ ᠰᠤᠯᠠ ᠲᠠᠯᠪᠢᠵᠤ᠂ ᠤᠰᠤᠨ ᠤ ᠶᠠᠪᠤᠳᠠᠯ ᠤᠨ ᠰᠠᠯᠠᠭ᠎ᠠ | ᠮᠥᠴᠢᠷ ᠠᠴᠠ ᠰᠤᠯᠠ ᠪᠠᠶᠢᠬᠤ ᠤᠰᠤᠨ ᠤ ᠭᠦᠢᠴᠡᠳᠬᠡᠯ ᠲᠤᠭ᠎ᠠ ᠪᠠᠷ ᠲᠣᠭᠲᠠᠭᠠᠪᠠᠯ᠂ ᠬᠠᠤᠯᠢ ᠶᠣᠰᠣᠭᠠᠷ ᠬᠤᠷᠢᠶᠠᠨ | ᠠᠪᠬᠤ ᠶᠢᠨ ᠬᠠᠮᠲᠤ ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠤᠨ᠎ᠠ ᠭᠡᠵᠦ ᠲᠣᠭᠲᠠᠭᠠᠪᠠ᠃ | ︵ᠭᠤᠷᠪᠠ︶ ᠤᠰᠤᠨ ᠬᠤᠳᠳᠤᠭ ᠤᠨ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ ᠶᠢᠨ ᠠᠷᠪᠠᠨ | ᠬᠤᠶᠠᠳᠤᠭᠠᠷ ᠵᠦᠢᠯ ᠳᠤ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠶ ᠶᠢᠨ ᠲᠣᠤᠷ ᠪᠦᠷᠬᠦᠭᠰᠡᠨ ᠬᠡᠪᠴᠢᠶᠡᠨ | ᠳᠣᠲᠣᠷᠠᠬᠢ ᠥᠪᠡᠷ ᠢᠶᠠᠨ ᠮᠠᠯᠲᠠᠭᠰᠠᠨ ᠬᠤᠳᠳᠤᠭ ᠢ ᠪᠢᠲᠡᠭᠦᠮᠵᠢᠯᠡᠬᠦ ᠶᠠᠪᠤᠴᠠ ᠳᠤ᠂ ᠡᠭᠦᠨ ᠳᠤ ᠣᠯᠠᠨ ᠨᠡᠶᠢᠲᠡ ᠶᠢᠨ | ᠤᠰᠤ ᠬᠠᠩᠭᠠᠬᠤ ᠬᠡᠮᠵᠢᠶ᠎ᠡ᠂ ᠤᠰᠤᠨ ᠤ ᠳᠠᠷᠤᠯᠲᠠ ᠨᠢ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ ᠳᠡᠶᠢᠯᠬᠦ ᠦᠭᠡᠢ | ᠣᠷᠣᠨ ᠪᠦᠰᠡ ᠳᠣᠲᠣᠷᠠᠬᠢ ᠤᠰᠤᠨ ᠬᠤᠳᠳᠤᠭ ᠢ ᠪᠦᠬᠦᠨ ᠢ ᠣᠯᠠᠨ ᠨᠡᠶᠢᠲᠡ ᠶᠢᠨ ᠤᠰᠤ ᠬᠠᠩᠭᠠᠬᠤ ᠠᠵᠤ | ᠠᠬᠤᠶᠢᠯᠠᠯ ᠳᠤ ᠨᠡᠭᠦᠯᠭᠡᠨ ᠥᠭᠴᠦ᠂ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠰᠤᠷᠪᠤᠯᠵᠢ ᠶᠢᠨ | ᠬᠤᠳᠳᠤᠭ ᠤᠨ ᠬᠠᠮᠢᠶᠠᠷᠤᠯᠲᠠ ᠳᠤ ᠣᠷᠣᠭᠤᠯᠤᠨ᠎ᠠ ᠭᠡᠵᠦ ᠲᠣᠭᠲᠠᠭᠠᠪᠠ᠃ | ︵ᠲᠦᠷᠪᠡ︶ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ | ᠶᠢᠨ ᠠᠷᠪᠠᠨ ᠳᠥᠷᠪᠡᠳᠦᠭᠡᠷ ᠵᠦᠢᠯ ᠳᠤ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ᠂ | ᠦᠵᠡᠮᠵᠢ ᠳᠤ ᠬᠡᠷᠡᠭᠯᠡᠬᠦ ᠤᠰᠤᠨ ᠳᠤ ᠤᠰᠤ ᠠᠷᠪᠢᠯᠠᠬᠤ ᠤᠳᠤᠷᠢᠳᠤᠮᠵᠢ ᠶᠢ ᠪᠠᠷᠢᠮᠲᠠᠯᠠᠨ᠂ ᠤᠰᠤ ᠠᠷᠪᠢᠯᠠᠬᠤ | ᠮᠡᠷᠭᠡᠵᠢᠯ ᠢ ᠬᠡᠷᠡᠭᠯᠡᠵᠦ᠂ ᠳᠠᠬᠢᠯᠲᠠ ᠤᠰᠤ ᠪᠠ ᠪᠣᠷᠣᠭᠠᠨ ᠤ ᠤᠰᠤ ᠶᠢ ᠤᠷᠢᠳᠠᠪᠠᠷ ᠠᠰᠢᠭᠯᠠᠨ᠂ ᠤᠰᠤᠨ ᠤ ᠡᠬᠢ | ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃ ᠳᠤᠰᠤᠯᠭᠠᠨ ᠤᠰᠤᠯᠠᠬᠤ᠂ ᠰᠡᠪᠡᠷᠡᠭᠦᠨ | ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠪᠢᠯᠬᠠᠲᠠᠯ᠎ᠠ | ᠤᠰᠤᠯᠠᠬᠤ ᠵᠡᠷᠭᠡ ᠤᠰᠤ ᠶᠡᠭᠡ ᠬᠤᠷᠣᠭᠳᠠᠭᠤᠯᠬᠤ ᠤᠰᠤᠯᠠᠯᠲᠠ ᠶᠢᠨ ᠠᠷᠭ᠎ᠠ ᠶᠢ ᠬᠡᠷᠡᠭᠯᠡᠵᠦ ᠪᠣᠯᠬᠤ ᠦᠭᠡᠶ᠃ | ᠭᠠᠵᠠᠷ ᠳᠣᠤᠷᠠᠬᠢ ᠤᠰᠤ᠂ ᠲᠦᠭᠡᠭᠡᠯ ᠤᠰᠤ ᠪᠠᠷ ᠦᠵᠡᠮᠵᠢ ᠶᠢᠨ ᠭᠤᠤᠯ᠂ ᠬᠢᠮᠡᠯ ᠨᠠᠭᠤᠷ ᠤᠨ ᠬᠡᠷᠡᠭᠯᠡᠬᠦ ᠤᠰᠤ | ᠪᠣᠯᠭᠠᠬᠤ ᠶᠢ ᠴᠠᠭᠠᠵᠠᠯᠠᠨ᠎ᠠ ᠭᠡᠵᠦ ᠲᠣᠭᠲᠠᠭᠠᠪᠠ᠃ | ︵ᠲᠠᠪᠤ︶ ᠪᠠᠷᠢᠯᠭ᠎ᠠ ᠶᠢᠨ ᠤᠰᠤ ᠳᠣᠷᠣᠭᠰᠢᠯᠠᠭᠤᠯᠬᠤ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ | ᠶᠢᠨ ᠳᠥᠷᠪᠡᠳᠦᠭᠡᠷ ᠪᠦᠯᠦᠭ ᠲᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠤᠰᠤ | ᠳᠣᠷᠣᠭᠰᠢᠯᠠᠭᠤᠯᠬᠤ ᠶᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ᠂ | ᠪᠠᠷᠢᠯᠭ᠎ᠠ ᠶᠢᠨ ᠤᠰᠤ ᠳᠣᠷᠣᠭᠰᠢᠯᠠᠭᠤᠯᠬᠤ ᠳᠤ ᠬᠤᠲᠠ ᠪᠠᠯᠭᠠᠰᠤᠨ ᠤ ᠪᠣᠬᠢᠷ ᠤᠰᠤᠨ ᠤ ᠬᠤᠭᠤᠯᠠᠶ ᠶᠢᠨ ᠲᠣᠤᠷ ᠲᠤ | ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ ᠭᠡᠵᠦ ᠲᠣᠭᠲᠠᠭᠠᠪᠠ᠃ | ︵ᠵᠢᠷᠭᠤᠭ᠎ᠠ︶ ᠤᠰᠤ ᠶᠢ ᠠᠷᠪᠢᠯᠠᠨ ᠭᠠᠮᠨᠠᠬᠤ ᠬᠠᠮᠢᠶᠠᠷᠤᠯᠲᠠ ᠶᠢ ᠴᠢᠩᠭᠠᠳᠬᠠᠪᠠ᠃ ︽ᠠᠷᠭ᠎ᠠ︾ ᠳᠤ | ᠰᠠᠭᠤᠭᠠᠯᠢ ᠠᠷᠠᠳ ᠤᠨ ᠪᠤᠰᠤ ᠤᠰᠤᠨ ᠳᠤ ᠬᠡᠲᠦᠷᠡᠭᠦᠯᠵᠦ ᠬᠡᠷᠡᠭᠯᠡᠭᠰᠡᠨ ᠤᠰᠤᠨ ᠤ ᠰᠦᠢᠳᠬᠡᠯ ᠬᠤᠷᠢᠶᠠᠬᠤ ᠪᠠ | ᠬᠡᠷᠡᠭᠯᠡᠬᠦ ᠬᠠᠮᠢᠶᠠᠷᠤᠯᠲᠠ ᠶᠢᠨ ᠰᠠᠭᠤᠷᠢᠨ ᠳᠡᠭᠡᠷ᠎ᠡ᠂ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠳᠤ ᠤᠰᠤᠨ ᠤ | ᠡᠬᠢ ᠪᠠᠶᠠᠯᠢᠭ ᠤᠨ ᠲᠣᠬᠢᠷᠠᠭᠤᠯᠤᠯᠲᠠ ᠶᠣᠰᠣᠭᠠᠷ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ ᠬᠡᠷᠡᠭᠵᠢᠭᠦᠯᠬᠦ ᠶᠢᠨ | ᠬᠠᠮᠲᠤ ᠬᠤᠲᠠ ᠪᠠᠯᠭᠠᠰᠤ ᠶᠢᠨ ᠣᠨ ᠤ ᠤᠰᠤ ᠲᠠᠲᠠᠵᠤ ᠬᠡᠷᠡᠭᠯᠡᠬᠦ ᠬᠡᠮᠵᠢᠶ᠎ᠡ ᠨᠢ ᠲᠦᠮᠡᠨ ᠲᠣᠨ ᠠᠴᠠ ᠳᠡᠭᠡᠭᠰᠢᠬᠢ | ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠬᠥᠮᠦᠨ ᠢ ᠬᠤᠭᠤᠴᠠᠭ᠎ᠠ ᠲᠣᠭᠲᠠᠭᠠᠨ ᠤᠰᠤ ᠠᠷᠪᠢᠯᠠᠬᠤ | ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠵᠤ᠂ ᠤᠰᠤ ᠠᠷᠪᠢᠯᠠᠬᠤ ᠲᠥᠯᠥᠪᠯᠡᠭᠡ ᠲᠣᠭᠲᠠᠭᠠᠨ᠂ ᠤᠰᠤ ᠠᠷᠪᠢᠯᠠᠬᠤ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠲᠣᠭᠲᠠᠭᠠᠪᠠ᠃ | ︵ᠳᠤᠯᠤᠭ᠎ᠠ︶ ᠳᠠᠬᠢᠯᠲᠠ ᠤᠰᠤ ᠠᠰᠢᠭᠯᠠᠬᠤ ᠶᠢ ᠴᠢᠩᠭᠠᠳᠬᠠᠪᠠ᠃ ︽ᠠᠷᠭ᠎ᠠ︾ ᠶᠢᠨ ᠵᠢᠷᠭᠤᠳᠤᠭᠠᠷ | ᠪᠦᠯᠦᠭ ᠲᠤ ᠰᠠᠭᠤᠭᠠᠯᠢ ᠪᠤᠰᠤ ᠠᠷᠠᠳ ᠳᠠᠬᠢᠯᠲᠠ ᠤᠰᠤ ᠶᠢ ᠬᠡᠷᠡᠭᠯᠡᠪᠡᠯ ᠪᠣᠬᠢᠷ ᠤᠰᠤ ᠰᠢᠢᠳᠪᠦᠷᠢᠯᠡᠬᠦ ᠰᠦᠢᠳᠬᠡᠯ ᠢ | ᠲᠦᠷ ᠬᠤᠷᠢᠶᠠᠬᠤ ᠦᠭᠡᠢ᠂ ᠬᠡᠮᠵᠢᠶ᠎ᠡ ᠠᠴᠠ ᠬᠡᠲᠦᠷᠡᠭᠦᠯᠦᠨ ᠦᠨ᠎ᠡ ᠥᠰᠬᠡᠬᠦ ᠲᠥᠯᠥᠪᠯᠡᠭᠡ ᠲᠠᠢ ᠤᠰᠤ ᠬᠡᠷᠡᠭᠯᠡᠬᠦ | ᠳᠦᠷᠢᠮ ᠢ ᠬᠡᠷᠡᠭᠵᠢᠭᠦᠯᠬᠦ ᠦᠭᠡᠶ᠂ ᠰᠠᠭᠤᠭᠠᠯᠢ ᠠᠷᠠᠳ ᠤᠨ ᠪᠤᠰᠤ ᠤᠰᠤᠨ ᠳᠤ ᠳᠠᠬᠢᠯᠲᠠ ᠤᠰᠤ ᠬᠡᠷᠡᠭᠯᠡᠬᠦ ᠶᠢ | ᠵᠣᠷᠢᠭᠵᠢᠭᠤᠯᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠬᠡᠷᠡᠭᠲᠡᠢ ᠭᠡᠵᠦ ᠲᠣᠭᠲᠠᠭᠠᠪᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ | ᠬᠠᠷᠢᠯᠴᠠᠬᠤ ᠬᠥᠮᠦᠨ᠄ ᠰᠦᠨ ᠼᠠᠢ ᠫᠢᠩ᠂ ᠬᠠᠷᠢᠯᠴᠠᠬᠤ ᠤᠲᠠᠰᠤ᠄ 0471 - 6621243 | | | ᠤᠭ ᠪᠢᠴᠢᠭ ᠮᠠᠲ᠋ᠧᠷᠢᠶᠠᠯ ᠢ ᠤᠩᠰᠢᠬᠤ |