︵ᠰᠤᠷᠪᠤᠯᠵᠢᠯᠠᠭᠴᠢ ᠸᠠᠩ ᠵᠦᠩ ᠵᠸᠦ︶ 7 ᠳ᠋ᠤᠭᠠᠷ ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠠᠬᠠᠮᠠᠳ ᠺᠠᠳ᠋ᠷᠴᠤᠳ ᠤᠨ | ᠲᠣᠪᠴᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠥᠬᠡᠬᠤᠲᠠ ᠶᠢᠨ ᠬᠠᠮ ᠵᠠᠭᠤᠴᠢᠯᠠᠭᠤᠷ ᠤᠨ | ᠲᠥᠪ᠂ ᠶᠢᠨ ᠷᠦᠩ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠬᠠᠮᠲᠤᠷᠠᠨ ᠡᠷᠭᠢᠯᠡᠭᠰᠡᠨ ︽ | ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠬᠦᠭᠵᠢᠨ ᠴᠡᠴᠡᠭᠯᠡᠯᠲᠡ︾ 2024 ᠬᠥᠬᠡᠬᠤᠲᠠ ᠶᠢᠨ | ᠠᠩᠬᠠᠳᠤᠭᠠᠷ ᠬᠤᠭᠤᠴᠠᠭᠠᠨ ᠤ ᠶᠢᠨ ᠷᠦᠩ ᠬᠤᠨᠳᠠᠭᠠᠲᠤ ᠨᠠᠰᠤᠲᠠᠶᠢᠴᠤᠳ ᠤᠨ ᠰᠣᠶᠣᠯ ᠤᠷᠠᠯᠢᠭ ᠤᠨ ᠨᠠᠶᠢᠷ ᠵᠢᠴᠢ | ᠮᠡᠷᠭᠡᠰᠢᠯ ᠤᠨ ᠤᠷᠤᠯᠳᠤᠭᠠᠨ ᠬᠥᠬᠡᠬᠤᠲᠠ ᠶᠢᠨ ᠦᠨᠳᠦᠰᠦᠲᠡᠨ ᠤ ᠲᠢᠶᠠᠲᠷ ᠲᠤ ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ 7 ᠳ᠋ᠤᠭᠠᠷ ᠰᠠᠷ᠎ᠠ ᠠᠴᠠ 9 ᠳ᠋ᠦ᠋ᠭᠡᠷ ᠰᠠᠷ᠎ᠠ | ᠬᠦᠷᠲᠡᠯ᠎ᠡ ᠶᠡᠪᠤᠭᠳᠠᠵᠤ᠂ ᠨᠡᠶᠢᠲᠡ ᠤᠳᠬ᠎ᠠ ᠤᠷᠠᠯᠢᠭ ᠤᠨ ᠤᠷᠤᠯᠳᠤᠭᠠᠨ ᠪᠠ ᠭᠠᠷ ᠤᠷᠠᠯᠠᠯ ᠤᠨ ᠦᠵᠡᠭᠦᠯᠦᠯᠭᠡ | ᠵᠡᠷᠭᠡ ᠬᠤᠶᠠᠷ ᠶᠡᠭᠡ ᠲᠥᠷᠥᠯ ᠢ ᠲᠣᠬᠢᠷᠠᠭᠤᠯᠵᠠᠢ᠃ ᠡᠭᠦᠨ ᠳᠤ᠂ ᠤᠳᠬ᠎ᠠ ᠤᠷᠠᠯᠢᠭ ᠤᠨ ᠤᠷᠤᠯᠳᠤᠭᠠᠨ ᠤ ᠲᠦᠷᠦᠯ | ᠵᠦᠢᠯ ᠢ ᠳᠠᠭᠤᠤ᠂ ᠨᠠᠶᠢᠷᠠᠯ ᠳᠠᠭᠤᠤ᠂ ᠠᠭᠤᠳᠠᠮ ᠲᠠᠯᠠᠪᠠᠢ ᠶᠢᠨ ᠪᠥᠵᠢᠭ᠂ ᠮᠣᠳᠧᠯ ᠭᠡᠵᠦ ᠲᠦᠷᠪᠡᠨ ᠲᠦᠷᠦᠯ | ᠬᠤᠪᠢᠶᠠᠨ᠎ᠠ᠃ ᠤᠷᠤᠯᠳᠤᠭᠠᠨ ᠨᠢ ᠠᠩᠬᠠᠨ ᠤ ᠤᠷᠤᠯᠳᠤᠭᠠᠨ᠂ ᠬᠤᠶᠠᠳᠠᠬᠢ ᠤᠷᠤᠯᠳᠤᠭᠠᠨ᠂ ᠰᠶᠢᠳᠪᠦᠷᠢᠲᠦ | ᠤᠷᠤᠯᠳᠤᠭᠠᠨ ᠭᠡᠵᠦ ᠭᠤᠷᠪᠠᠨ ᠱᠠᠲᠤ ᠬᠤᠪᠢᠶᠠᠵᠤ᠂ ᠬᠤᠪᠢᠶᠠᠷᠢ ᠤᠷᠤᠯᠳᠤᠭᠠᠨ ᠪᠦᠷᠢ ᠳᠤ 1 ᠠᠯᠲᠠᠨ ᠱᠠᠩᠨᠠᠯ᠂ 2 | ᠮᠥᠩᠭᠦᠨ ᠱᠠᠩᠨᠠᠯ᠂ 3 ᠭᠠᠤᠯᠢᠨ ᠱᠠᠩᠨᠠᠯ ᠪᠠ ᠬᠡᠳᠦᠨ ᠰᠢᠯᠢᠳᠡᠭ ᠱᠠᠩᠨᠠᠯ ᠲᠤᠬᠢᠷᠠᠭᠤᠯᠤᠨ᠎ᠠ᠃ ᠭᠠᠷ ᠤᠷᠠᠯᠠᠯ ᠤᠨ | ᠦᠵᠡᠭᠦᠯᠦᠯᠭᠡ ᠶᠢᠨ ᠲᠣᠭᠯᠠᠯᠲᠠ ᠶᠢᠨ ᠲᠥᠷᠥᠯ ᠵᠦᠢᠯ ᠤᠨ ᠬᠡᠯᠪᠡᠷᠢ ᠶᠢ ᠬᠢᠵᠠᠭᠠᠷᠯᠠᠬᠤ ᠥᠬᠡᠶ᠂ ᠡᠯᠰᠡᠬᠦ᠂ ᠰᠢᠭᠰᠢᠨ | ᠰᠣᠩᠭᠤᠬᠤ᠂ ᠳᠡᠯᠭᠡᠨ ᠦᠵᠡᠭᠦᠯᠬᠦ ᠵᠡᠷᠭᠡ 3 ᠱᠠᠲᠤ ᠦᠶ᠎ᠡ ᠬᠤᠪᠢᠶᠠᠵᠤ᠂ ᠬᠠᠮᠤᠭ ᠤᠨ ᠡᠴᠦᠰ ᠲᠤ | ᠦᠵᠡᠭᠦᠯᠦᠯᠭᠡ ᠶᠢᠨ ᠲᠣᠭᠯᠠᠯᠲᠠ ᠳᠤ ᠣᠷᠣᠯᠴᠠᠭᠰᠠᠨ ᠪᠦᠲᠦᠭᠡᠯ ᠳᠤ ᠦᠨᠡᠮᠯᠡᠯ ᠤᠯᠭᠤᠨ᠎ᠠ᠃ |