︵ᠰᠤᠷᠪᠤᠯᠵᠢᠯᠠᠭᠴᠢ ᠯᠢᠶᠠᠩ ᠵᠢᠩ ᠱᠤ᠋︶ ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ | ᠲᠣᠪᠴᠢᠶ᠎ᠠ ᠠᠴᠠ ᠣᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠬᠡᠬᠤᠲᠠ ᠶᠢᠨ ᠭᠡᠷ | ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠬᠥᠮᠦᠨ ᠤ ᠲᠤᠭ᠎ᠠ 177.84 ᠲᠦᠮᠡ ᠳᠤ ᠬᠦᠷᠴᠦ᠂ | ᠡᠭᠦᠨ ᠳᠤ ᠭᠤᠣᠯᠳᠠᠯᠭ᠎ᠠ ᠲᠠᠢ ᠭᠡᠷᠡᠲᠦ ᠬᠦᠮᠦᠨ 55.03 ᠲᠦᠮᠡ ᠪᠠᠶᠢᠵᠤ᠂ ᠭᠡᠷ᠎ᠡ ᠲᠣᠭᠲᠠᠭᠰᠠᠨ ᠦᠢᠯᠡᠴᠢᠯᠡᠭᠡᠨ ᠤ | ᠪᠦᠷᠬᠦᠴᠡ ᠶᠢᠨ ᠨᠣᠷᠮ᠎ᠠ ᠲᠣᠭᠲᠠᠭᠤᠨ ᠢᠶᠠᠷ ᠳᠡᠭᠡᠭᠰᠢᠯᠡᠵᠦ᠂ 2023 ᠣᠨ ᠳᠤ ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡᠨ ᠤ ᠰᠦᠢᠳᠭᠡᠯ 2431.75 ᠲᠦᠮᠡᠨ ᠲᠥᠭᠦᠷᠢᠭ ᠢ ᠨᠢᠭᠡᠨᠲᠡ ᠪᠠᠭᠤᠯᠭᠠᠪᠠ᠃ | ᠣᠶᠢᠯᠠᠭᠠᠭᠰᠠᠨ ᠢᠶᠠᠷ᠂ 2023 ᠣᠨ ᠤ 8 ᠳ᠋ᠤᠭᠠᠷ ᠰᠠᠷ᠎ᠠ ᠳᠤ᠂ ᠬᠥᠬᠡᠬᠤᠲᠠ ᠲᠣᠰ ᠭᠠᠵᠠᠷ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠬᠥᠬᠡᠬᠤᠲᠠ ᠶᠢᠨ ᠬᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡᠨ ᠤ ᠬᠡᠷᠡᠭᠵᠢᠭᠦᠯᠬᠦ ᠠᠷᠭ᠎ᠠ︾ ᠶᠢ ᠲᠣᠭᠲᠠᠭᠠᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠤᠨ ᠭᠤᠤᠯᠳᠠᠯᠭ᠎ᠠ ᠶᠢ | ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠳᠥᠯᠭᠢᠨ ᠠᠬᠢᠭᠤᠯᠪᠠ᠃ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠲᠦᠯᠬᠢᠨ ᠠᠬᠢᠭᠤᠯᠬᠤ ᠨᠢ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠪᠡᠳᠴᠢᠨ ᠦᠵᠡᠭᠦᠯᠬᠦ ᠳᠤ ᠬᠦᠴᠢᠷᠲᠡᠶ᠂ | ᠡᠪᠡᠳᠴᠢᠨ ᠦᠵᠡᠭᠦᠯᠬᠦ ᠳᠤ ᠦᠨᠡᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠥᠷᠨᠢᠭᠦᠯᠦᠭᠰᠡᠨ ᠠᠴᠠ ᠨᠠᠭᠠᠰᠢ᠂ ᠬᠥᠬᠡᠬᠤᠲᠠ ᠶᠢᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠡᠮᠵᠢᠶ᠎ᠡ | ᠠᠯᠬᠤᠮ ᠠᠯᠬᠤᠮ ᠢᠶᠠᠷ ᠳᠡᠭᠡᠭᠰᠢᠯᠡᠵᠦ᠂ ᠭᠡᠷ᠎ᠡ ᠲᠣᠭᠲᠠᠨ ᠦᠢᠯᠡᠴᠢᠯᠡᠬᠦ ᠠᠭᠤᠯᠭ᠎ᠠ ᠲᠠᠰᠤᠷᠠᠯᠲᠠ ᠥᠬᠡᠶ | ᠪᠠᠶᠠᠯᠢᠭᠵᠢᠵᠤ᠂ ᠰᠠᠭᠤᠭᠠᠯᠢ ᠠᠷᠠᠳ ᠪᠥᠬᠦ ᠲᠠᠯ᠎ᠠ ᠶᠢᠨ᠂ ᠦᠷᠭᠦᠯᠵᠢᠯᠡᠬᠦ ᠴᠢᠨᠠᠷᠲᠠᠶ ᠦᠨᠳᠦᠰᠦᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢ ᠭᠥᠷᠳᠡᠪᠡ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ ᠡᠮᠴᠢᠯᠡᠭᠡ ᠶᠢᠨ | ᠪᠠᠲᠤᠯᠠᠭ᠎ᠠ ᠶᠢᠨ ᠲᠣᠪᠴᠢᠶ᠎ᠠ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠪᠣᠳᠠᠲᠠᠶ ᠪᠥᠭᠡᠳ | ᠨᠠᠷᠢᠯᠢᠭ ᠬᠢᠵᠦ᠂ ᠣᠷᠣᠨ ᠤ ᠲᠥᠪ ᠬᠤᠲᠠ ᠶᠢᠨ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ︽ | ᠪᠦᠲᠦᠮᠵᠢᠲᠡᠶ ᠭᠡᠷ᠎ᠡ ᠲᠣᠭᠲᠠᠬᠤ︾ ︽ᠪᠦᠲᠦᠮᠵᠢᠲᠡᠶ ᠦᠢᠯᠡᠴᠢᠯᠡᠬᠦ︾ ᠪᠠ ︽ᠵᠠᠷᠤᠳᠠᠯ ᠢ ᠪᠦᠲᠦᠮᠵᠢᠲᠡᠶ | ᠬᠢᠵᠠᠭᠠᠷᠯᠠᠬᠤ︾ ᠶᠢ ᠠᠬᠢᠭᠤᠯᠤᠨ᠎ᠠ᠃ | | |