︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠬᠡᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠪᠥᠬᠦ ᠶᠠᠪᠤᠴᠠ ᠶᠢᠨ ︽ᠭᠦᠶᠦᠯᠭᠡᠬᠦ ᠦᠭᠡᠢ︾ ᠪᠠᠷ ᠰᠦᠯᠵᠢᠶᠡᠨ ᠳᠡᠭᠡᠷ᠎ᠡ | ᠭᠦᠢᠴᠡᠳᠭᠡᠬᠦ ᠵᠦᠢᠯᠡᠰ ᠤᠨ ᠨᠠᠷᠢᠨ ᠬᠠᠭᠤᠳᠠᠰᠤ ᠶᠢ ᠨᠡᠶᠢᠲᠡᠯᠡᠪᠡ᠂ ᠡᠭᠦᠨ ᠳᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ 35᠂ ᠥᠮᠴᠢᠯᠡᠬᠦ ᠡᠷᠬᠡ ᠶᠢᠨ ᠠᠷᠠᠯᠵᠢᠶ᠎ᠠ 12᠂ ᠭᠠᠵᠠᠷ ᠰᠢᠷᠣᠶ | ᠠᠭᠤᠷᠬᠠᠢ ᠶᠢᠨ ᠭᠠᠷᠤᠯᠲᠠ ᠶᠢᠨ ᠠᠷᠠᠯᠵᠢᠶ᠎ᠠ 12᠂ ᠵᠠᠰᠠᠭ ᠤᠨ ᠣᠷᠳᠣᠨ ᠤ ᠬᠤᠳᠠᠯᠳᠤᠨ ᠠᠪᠬᠤ 53 ᠵᠦᠢᠯ᠂ | ᠪᠤᠰᠤᠳ ᠵᠦᠢᠯᠡᠰ 7 ᠪᠠᠶᠢᠨ᠎ᠠ᠃ ᠳᠡᠭᠡᠷᠡᠬᠢ 119 ᠵᠦᠢᠯ ᠤᠨ ︽ᠭᠦᠶᠦᠯᠭᠡᠬᠦ ᠦᠭᠡᠢ︾ ᠨᠠᠷᠢᠨ ᠬᠠᠭᠤᠳᠠᠰᠤᠨ ᠳᠤ | ᠲᠥᠷᠥᠯ ᠵᠦᠢᠯ ᠢ ᠲᠠᠯᠠᠪᠠᠶ ᠳᠤ ᠣᠷᠣᠭᠤᠯᠬᠤ᠂ ᠠᠷᠠᠯᠵᠢᠶᠠᠯᠠᠬᠤ ᠶᠠᠪᠤᠴᠠ᠂ ᠳᠠᠭᠠᠭᠠᠴᠢᠯᠠᠯᠲᠠ ᠨᠡᠭᠡᠭᠡᠵᠦ | ᠳᠠᠭᠠᠭᠠᠴᠢᠯᠠᠯᠲᠠ ᠦᠨᠡᠯᠡᠬᠦ ᠵᠡᠷᠭᠡ 19 ᠵᠠᠩᠭᠢᠯᠠᠭ᠎ᠠ ᠶᠢᠨ ᠵᠦᠢᠯᠡᠰ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ | ᠲᠠᠨᠢᠯᠴᠠᠭᠤᠯᠤᠭᠰᠠᠨ ᠢᠶᠠᠷ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠪᠥᠬᠦ ᠶᠠᠪᠤᠴᠠ ᠶᠢᠨ ᠡᠯᠧᠺᠲᠷᠤᠨᠴᠢᠯᠠᠬᠤ ᠶᠢ ᠲᠦᠷᠭᠡᠳᠬᠡᠨ᠂ ᠬᠢᠨᠠᠯᠲᠠ ᠬᠠᠮᠢᠶᠠᠷᠤᠯᠲᠠ ᠶᠢᠨ | ᠦᠢᠯᠡᠳᠦᠯ ᠴᠢᠳᠠᠪᠤᠷᠢ ᠶᠢ ᠴᠢᠩᠭᠠᠷᠠᠭᠤᠯᠵᠤ᠂ ᠠᠷᠠᠯᠵᠢᠶᠠᠨ ᠤ ᠥᠪᠡᠷ ᠤᠨ ᠥᠷᠲᠡᠭ ᠢ ᠪᠠᠭᠤᠷᠠᠭᠤᠯᠤᠨ᠂ | ᠠᠷᠠᠯᠵᠢᠶᠠᠨ ᠤ ᠣᠷᠣᠨ ᠪᠦᠰᠡ ᠶᠢᠨ ᠪᠠᠬᠢᠯᠡᠯᠲᠡ ᠶᠢ ᠡᠪᠳᠡᠬᠦ ᠶᠢᠨ ᠲᠦᠯᠦᠭᠡ᠂ ᠬᠤᠲᠠ ᠶᠢᠨ ᠣᠯᠠᠨ ᠨᠡᠶᠢᠲᠡ ᠶᠢᠨ | ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠷᠠᠯᠵᠢᠶᠠᠨ ᠤ | ᠡᠯᠧᠺᠲᠷᠤᠨᠴᠢᠯᠠᠬᠤ ᠶᠢ ᠪᠥᠬᠦ ᠲᠠᠯ᠎ᠠ ᠪᠠᠷ ᠠᠬᠢᠭᠤᠯᠤᠭᠰᠠᠨ ᠰᠠᠭᠤᠷᠢᠨ ᠳᠡᠭᠡᠷ᠎ᠡ᠂ ᠲᠣᠭᠠᠴᠢᠯᠠᠭᠰᠠᠨ ᠬᠦᠴᠦᠨ ᠴᠢᠳᠠᠯ | ᠣᠯᠭᠤᠬᠤ ᠶᠢ ᠴᠢᠩᠭᠠᠳᠬᠠᠵᠤ᠂ ᠠᠷᠠᠯᠵᠢᠶᠠᠨ ᠤ ᠪᠥᠬᠦ ᠶᠠᠪᠤᠴᠠ ᠶᠢᠨ ︽ᠭᠦᠶᠦᠯᠭᠡᠬᠦ ᠦᠭᠡᠢ︾ ᠥᠭᠡᠷᠡᠴᠢᠯᠡᠯᠲᠡ ᠶᠢ | ᠪᠥᠬᠦ ᠲᠠᠯ᠎ᠠ ᠪᠠᠷ ᠳᠥᠯᠭᠢᠨ ᠠᠬᠢᠭᠤᠯᠪᠡ᠃ | ᠡᠭᠦᠨ ᠤ ᠬᠠᠮᠲᠤ᠂ ᠪᠥᠬᠦ ᠶᠠᠪᠤᠴᠠ ᠶᠢᠨ ︽ᠭᠦᠶᠦᠯᠭᠡᠬᠦ ᠦᠭᠡᠢ︾ ᠦᠢᠯᠡᠴᠢᠯᠡᠭᠡ ᠨᠢ ᠳᠠᠭᠠᠭᠠᠴᠢᠯᠠᠯᠲᠠ | ᠬᠦᠯᠢᠶᠡᠬᠦ ᠭᠤᠤᠯ ᠴᠣᠭᠴᠠ ᠶᠢᠨ ᠬᠤᠭᠤᠷᠣᠨᠳᠣᠬᠢ ᠵᠣᠯᠭᠠᠯᠴᠠᠭ᠎ᠠ ᠶᠢ ᠪᠦᠲᠦᠮᠵᠢᠲᠡᠶ ᠪᠠᠭᠠᠰᠬᠠᠵᠤ᠂ ᠳᠠᠭᠠᠭᠠᠴᠢᠯᠠᠯᠲᠠ | ᠬᠦᠯᠢᠶᠡᠬᠦ ᠠᠶᠤᠯ ᠲᠦᠭᠰᠢᠭᠦᠷᠢ ᠶᠢ ᠪᠠᠭᠠᠰᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠨᠠᠩ | ᠢᠯᠡ ᠲᠣᠳᠣ ᠪᠤᠯᠭᠠᠵᠠᠢ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠠᠷᠠᠯᠵᠢᠶᠠᠨ ᠤ ᠭᠤᠤᠯ ᠴᠣᠭᠴᠠ ᠶᠢᠨ ᠬᠡᠷᠡᠭᠯᠡᠯᠲᠡ ᠶᠢᠨ ᠪᠠᠶᠢᠳᠠᠯ ᠢ | ᠨᠢᠭᠲᠠ ᠠᠩᠬᠠᠷᠴᠤ᠂ ᠴᠠᠭ ᠲᠤᠨᠢ ᠳᠣᠭᠢᠷᠠᠭᠤᠯᠤᠨ ᠰᠢᠨᠡᠳᠬᠡᠵᠦ᠂ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ | ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠲᠠᠯ᠎ᠠ ᠶᠢᠨ ᠠᠷᠠᠯᠵᠢᠶᠠᠨ ᠤ | ᠭᠤᠤᠯ ᠴᠣᠭᠴᠠ ᠶᠢᠨ ᠬᠠᠨᠤᠮᠵᠢ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | | | |