ᠠᠵᠢᠯ ᠤᠨ ᠳᠠᠷᠤᠭᠠᠰᠤ᠂ ᠠᠮᠢᠳᠤᠷᠠᠯ ᠠᠴᠠ ᠪᠣᠯᠤᠭᠰᠠᠨ ᠠᠯᠢᠪᠠ ᠤᠴᠢᠷ ᠨᠢ ᠬᠥᠮᠥᠰ ᠢ ᠦᠷᠭᠦᠯᠵᠢ | ᠶᠠᠳᠠᠷᠠᠭ᠎ᠠ ᠳᠤ ᠠᠪᠲᠠᠭᠤᠯᠳᠠᠭ᠃ ᠡᠶᠢᠮᠦᠷᠬᠦᠦ ᠪᠠᠶᠢᠳᠠᠯ ᠳᠤ ᠪᠢᠳᠠ ᠬᠡᠷᠬᠢᠨ ᠪᠡᠶ᠎ᠡ ᠰᠡᠳᠬᠢᠯ ᠢᠶᠠᠨ ᠲᠠᠶᠢᠪᠤᠩ | ᠪᠠᠶᠢᠯᠭᠠᠬᠤ ᠪᠤᠢ︖ ᠡᠨᠡ ᠲᠤᠬᠠᠢ ᠡᠮᠴᠢ ᠶᠢᠨ ᠰᠠᠨᠠᠭᠤᠯᠭ᠎ᠠ ᠪᠠᠷ ᠳᠣᠣᠷᠠᠬᠢ ᠬᠡᠳᠦᠨ ᠲᠠᠯ᠎ᠠ ᠶᠢᠨ ᠵᠥᠪᠯᠡᠯᠭᠡ ᠶᠢ | ᠬᠦᠷᠭᠡᠵᠦ ᠪᠠᠶᠢᠨ᠎ᠠ᠃ | ᠠᠮᠢᠰᠬᠤᠯ ᠢᠶᠠᠷ ᠲᠠᠶᠢᠪᠤᠰᠢᠷᠠᠬᠤ ᠠᠷᠭ᠎ᠠ᠄ ᠭᠦᠨ ᠠᠮᠢᠰᠬᠤᠭ᠎ᠠ ᠠᠪᠬᠤ ᠨᠢ ᠭᠡᠨᠡᠳᠲᠡ ᠶᠢᠨ ᠠᠭᠤᠷ | ᠤᠴᠠᠭᠠᠷ ᠢ ᠨᠠᠮᠳᠠᠭᠠᠵᠤ ᠲᠡᠶᠢᠯᠦᠨ᠎ᠡ᠃ ᠳᠠᠷᠤᠢ ᠭᠦᠨ ᠠᠮᠢᠰᠬᠤᠭᠠᠳ ᠠᠮᠢᠰᠬᠤᠯ ᠢᠶᠠᠨ ᠠᠯᠭᠤᠷ ᠬᠡᠪᠡᠯᠢ ᠶᠢᠨ | ᠬᠡᠰᠡᠭ ᠲᠡᠭᠡᠨ ᠬᠦᠷᠭᠡᠵᠦ᠂ ᠲᠠᠷᠠᠭ᠎ᠠ ᠨᠢ ᠬᠠᠪᠢᠷᠭ᠎ᠠ ᠶᠢᠨ ᠶᠠᠰᠤᠨ ᠤ ᠬᠡᠰᠡᠭ ᠲᠡᠭᠡᠨ ᠬᠦᠷᠭᠡᠵᠦ᠂ ᠲᠠᠭᠢᠨ | ᠠᠭᠠᠵᠢᠮ ᠢᠶᠠᠷ ᠠᠮᠢᠰᠬᠤᠨ ᠭᠠᠷᠭᠠᠬᠤ ᠶᠢ ᠬᠡᠯᠡᠨ᠎ᠡ᠃ | ᠪᠤᠯᠴᠢᠩ ᠰᠢᠷᠪᠦᠰᠦ ᠪᠠᠷ ᠲᠠᠶᠢᠪᠤᠰᠢᠷᠠᠭᠤᠯᠬᠤ ᠠᠷᠭ᠎ᠠ᠄ 3 ᠮᠢᠨᠦ᠋ᠲ ᠤᠨ ᠳᠣᠲᠣᠷ᠎ᠠ ᠳᠣᠣᠷᠠᠬᠢ ᠮᠡᠲᠦ | ᠬᠥᠳᠡᠯᠭᠡᠭᠡᠨ ᠢ ᠲᠠᠭᠢᠨ ᠳᠠᠪᠲᠠᠨ ᠬᠢᠵᠦ ᠲᠠᠶᠢᠪᠤᠰᠢᠷᠠᠭᠤᠯᠬᠤ;①ᠨᠢᠳᠦ ᠪᠠᠨ ᠠᠨᠢᠭᠠᠳ ᠰᠠᠭᠤᠬᠤ᠃ ②6 | ᠰᠸᠺᠦ᠋ᠨ᠋ᠳ᠋ ᠪᠦᠷᠢ ᠳᠤ ᠠᠮᠢᠰᠬᠤᠬᠤ ᠳᠠᠭᠠᠨ ᠪᠤᠯᠴᠢᠩ ᠰᠢᠷᠪᠦᠰᠦ ᠪᠠᠨ ᠴᠢᠩᠭᠠᠯᠠᠨ᠎ᠠ᠃③ ᠠᠯᠭᠤᠷ ᠢᠶᠠᠷ ᠠᠮᠢᠰᠬᠤᠨ | ᠭᠠᠷᠭᠠᠬᠤ ᠶᠢᠨ ᠳᠠᠭᠠᠤ ᠪᠡᠶ᠎ᠡ ᠪᠠᠨ ᠰᠤᠯᠠ ᠲᠠᠯᠪᠢᠵᠤ᠂ ᠠᠶᠢᠵᠠᠮ ᠲᠠᠢ ᠪᠠᠷ ᠬᠤᠷᠢᠨ ᠮᠢᠨᠦ᠋ᠲ ᠠᠮᠢᠰᠬᠤᠭ᠎ᠠ ᠠᠪᠤᠨ᠎ᠠ᠃ | ④ᠬᠤᠶᠠᠷ ᠤᠳᠠᠭ᠎ᠠ ᠳᠠᠪᠲᠠᠵᠤ ᠬᠢᠨ᠎ᠡ᠃ | ᠪᠡᠶ᠎ᠡ ᠪᠠᠨ ᠬᠠᠯᠠᠭᠤᠨ ᠤᠰᠤᠨ ᠳᠤ ᠳᠡᠪᠲᠦᠭᠡᠬᠦ᠄ ᠬᠠᠯᠠᠭᠤᠨ ᠤᠰᠤ ᠪᠠᠷ ᠪᠡᠶ᠎ᠡ ᠪᠠᠨ ᠤᠬᠢᠶᠠᠬᠤ ᠪᠣᠯ | ᠬᠠᠮᠤᠭ ᠤᠨ ᠰᠠᠶᠢᠨ ᠲᠠᠶᠢᠪᠤᠰᠢᠷᠠᠭᠤᠯᠬᠤ ᠠᠷᠭ᠎ᠠ ᠪᠣᠯᠣᠨ᠎ᠠ᠃ ᠡᠨᠡ ᠦᠶ᠎ᠡ ᠳᠤ ᠪᠡᠶ᠎ᠡ ᠪᠠᠨ ᠰᠤᠯᠠ ᠪᠠᠶᠢᠯᠭᠠᠵᠤ᠂ | ᠬᠠᠮᠤᠭ ᠤᠨ ᠰᠠᠶᠢᠨ ᠨᠢ ᠪᠡᠶ᠎ᠡ ᠶᠢᠨ ᠳᠤᠯᠠᠭᠠᠨ ᠠᠴᠠ ᠵᠢᠭᠠᠬᠠᠨ ᠥᠨᠳᠥᠷ ᠬᠠᠯᠠᠭᠤᠨ ᠤᠰᠤᠨ ᠳᠤ ᠳᠡᠪᠲᠦᠭᠡᠵᠦ᠂ 15 | ᠮᠢᠨᠦ᠋ᠲ ᠢ ᠬᠡᠲᠦᠷᠡᠬᠦ ᠦᠭᠡᠢ ᠪᠠᠶᠢᠪᠠᠯ ᠵᠣᠬᠢᠨ᠎ᠠ᠃ | ᠠᠯᠬᠤᠬᠤ᠄ ᠰᠤᠯᠠ ᠠᠯᠬᠤᠬᠤ ᠨᠢ ᠪᠠᠴᠢᠮ ᠰᠠᠨᠳᠤᠷᠤᠤ ᠤᠷᠮ᠎ᠠ ᠰᠡᠳᠬᠢᠯᠭᠡ ᠶᠢ ᠨᠠᠮᠳᠠᠭᠠᠵᠤ᠂ ᠦᠷ᠎ᠡ | ᠪᠦᠲᠦᠮᠵᠢ ᠨᠢ 1-2 ᠴᠠᠭ ᠦᠷᠭᠦᠯᠵᠢᠯᠡᠨ᠎ᠡ᠃ | ᠬᠥᠳᠡᠯᠭᠡᠭᠡᠨ ᠬᠢᠬᠦ᠄ ᠳᠠᠷᠤᠭᠠᠰᠤ ᠶᠢ ᠬᠥᠩᠭᠡᠯᠡᠬᠦ ᠬᠠᠮᠤᠭ ᠤᠨ ᠪᠣᠳᠠᠲᠠᠢ ᠠᠷᠭ᠎ᠠ ᠪᠣᠯᠣᠨ᠎ᠠ᠃ 40 ᠮᠢᠨᠦ᠋ᠲ ᠤᠨ | ᠬᠥᠳᠡᠯᠭᠡᠭᠡᠨ ᠬᠢᠪᠡᠯ ᠰᠡᠳᠬᠢᠯ ᠰᠠᠨᠠᠭ᠎ᠠ ᠶᠢ 3 ᠴᠠᠭ ᠲᠠᠶᠢᠪᠤᠰᠢᠷᠠᠭᠤᠯᠤᠨ᠎ᠠ᠃ | ᠰᠡᠳᠬᠢᠴᠡ ᠶᠢᠨ ᠵᠥᠪᠯᠡᠯᠭᠡ ᠬᠦᠯᠢᠶᠡᠬᠦ᠄ ᠥᠪᠡᠷ ᠢ ᠪᠠᠨ ᠲᠠᠶᠢᠪᠤᠰᠢᠷᠠᠭᠤᠯᠵᠤ ᠳᠡᠶᠢᠯᠭᠦ ᠦᠭᠡᠢ ᠪᠠᠶᠢᠳᠠᠯ | ᠳᠣᠣᠷ᠎ᠠ ᠰᠡᠳᠬᠢᠴᠡ ᠵᠠᠰᠠᠯ ᠤᠨ ᠬᠥᠮᠥᠰ ᠠᠴᠠ ᠲᠤᠰᠠᠯᠠᠮᠵᠢ ᠬᠦᠰᠡᠵᠦ ᠪᠣᠯᠣᠨ᠎ᠠ᠃ | | |