︵ᠰᠤᠷᠪᠤᠯᠵᠢᠯᠠᠭᠴᠢ ᠯᠢᠦᠢ ᠬᠤᠢ ᠱᠧᠩ︶ 8 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠡᠪᠯᠡᠯ ᠤᠨ | ᠬᠤᠷᠢᠶ᠎ᠠ ᠠᠴᠠ ᠳᠠᠭᠠᠭᠠᠨ ᠡᠷᠬᠢᠯᠡᠭᠰᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠮᠠᠷᠠᠲᠤ ᠬᠢᠯᠢ ᠶᠢᠨ | ᠵᠠᠯᠠᠭᠤᠴᠤᠳ ᠤᠨ ᠤᠬᠠᠭᠤᠯᠤᠨ ᠲᠠᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠰᠠᠶᠢᠬᠠᠨ ᠲᠣᠭᠤᠷᠢᠭ ᠤᠨ | ᠰᠠᠶᠢᠨᠪᠤᠯᠠᠭ ᠲᠤᠰᠬᠤᠨ ᠤ ᠭᠦᠸᠧ ᠯᠦ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠢ ᠬᠤᠷᠰᠢᠶᠠᠵᠢᠯ | ᠪᠠ ᠬᠤᠲᠣᠩ ᠠᠷᠠᠳ ᠤᠨ ᠲᠣᠭᠤᠷᠢᠭ ᠤᠨ ᠠᠵᠢᠯᠴᠢᠨ ᠨᠡᠶᠢᠭᠡᠮ ᠲᠣᠭᠤᠷᠢᠭ ᠲᠤ ᠶᠠᠪᠤᠭᠳᠠᠪᠠ᠃ | ᠭᠦᠸᠧ ᠯᠦ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠢ ᠬᠤᠷᠰᠢᠶ᠎ᠠ ᠳᠤ᠂ ᠤᠮᠠᠷᠠᠲᠤ | ᠬᠢᠯᠢ ᠶᠢᠨ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ 3 ᠵᠠᠯᠠᠭᠤᠴᠤᠳ ᠤᠨ ᠤᠬᠠᠭᠤᠯᠤᠨ | ᠲᠠᠶᠢᠯᠪᠤᠷᠢᠯᠠᠭᠴᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ | ᠬᠤᠷᠠᠯᠳᠤᠭᠠᠨ ᠠᠴᠠ ᠳᠤᠷᠠᠳᠤᠭᠰᠠᠨ ᠲᠠᠷᠢᠶᠠᠯᠠᠩ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ | ᠬᠤᠷᠰᠢᠶ᠎ᠠ ᠶᠢᠨ ᠲᠠᠷᠢᠶᠠᠯᠠᠩ ᠤᠨ ᠠᠵᠤ ᠦᠶᠢᠯᠡᠰᠵᠢᠯᠲᠡ ᠶᠢᠨ ᠠᠵᠢᠯ ᠤᠨ ᠪᠣᠳᠠᠲᠤ ᠪᠠᠶᠢᠳᠠᠯ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠲᠥᠬᠦᠮ | ᠣᠶᠢᠯᠠᠭᠠᠮᠵᠢᠲᠠᠶ᠂ ᠠᠮᠢᠳᠤᠷᠠᠯ ᠳᠤ ᠣᠶᠢᠷᠠᠲᠤᠭᠰᠠᠨ᠂ ᠣᠯᠠᠨ ᠲᠦᠮᠡᠨ ᠲᠠᠢ ᠣᠶᠢᠷᠠᠲᠤᠭᠰᠠᠨ ᠦᠭᠡ ᠬᠡᠯᠡ ᠪᠠᠷ | ᠲᠠᠷᠢᠶᠠᠯᠠᠩ ᠤᠨ ᠠᠵᠤ ᠦᠢᠯᠡᠰ ᠤᠨ ᠵᠠᠯᠠᠭᠤᠴᠤᠳ᠂ ᠰᠢᠶᠠᠩ ᠪᠠᠯᠭᠠᠰᠤᠨ ᠤ ᠡᠪᠯᠡᠯ ᠤᠨ ᠺᠠᠳ᠋ᠷ ᠵᠡᠷᠭᠡ ᠳᠤ | ᠬᠠᠨᠳᠤᠭᠤᠯᠤᠨ ᠦᠨᠳᠦᠰᠦᠨ ᠱᠠᠲᠤᠨ ᠳᠤ ᠣᠶᠢᠷᠠᠲᠤᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ | ᠤᠬᠠᠭᠤᠯᠤᠨ ᠲᠠᠶᠢᠯᠪᠤᠷᠢᠯᠠᠯᠲᠠ ᠬᠢᠪᠡ᠃ | ᠭᠦᠸᠧ ᠯᠦ ᠲᠠᠷᠢᠵᠤ ᠲᠡᠵᠢᠭᠡᠨ ᠦᠷᠡᠵᠢᠭᠦᠯᠬᠦ ᠲᠠᠷᠢᠶᠠᠴᠢᠳ ᠤᠨ ᠲᠤᠰᠬᠠᠢ ᠬᠤᠷᠰᠢᠶᠠᠵᠢᠯ ᠤᠨ | ᠬᠠᠷᠢᠭᠤᠴᠠᠯᠭᠠᠲᠠᠨ ᠵᠢᠶ ᠳ᠋ᠦᠩ ᠹᠧᠩ ᠠᠴᠠ᠄ ︽ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ | ᠬᠤᠷᠰᠢᠶ᠎ᠠ ᠶᠢᠨ ᠪᠥᠬᠦ ᠭᠡᠰᠢᠭᠦᠳ ᠲᠤ ᠮᠠᠰᠢ ᠶᠡᠭᠡ ᠠᠰᠢᠭ ᠬᠦᠷᠲᠡᠭᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠬᠤᠷᠰᠢᠶ᠎ᠠ | ᠦᠷᠭᠦᠯᠵᠢᠯᠡᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠵᠣᠬᠢᠴᠠᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ | ᠲᠤᠤᠷᠯᠢᠭ ᠬᠡᠮᠬᠡ ᠳᠠᠷᠢᠬᠤ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ | ᠨᠤᠲᠤᠭ ᠤᠨ ᠠᠷᠠᠳ ᠤᠯᠠᠨ ᠤ ᠠᠮᠢᠳᠤᠷᠠᠯ ᠢ ᠨᠠᠩ ᠪᠠᠶᠠᠨ ᠴᠢᠨᠡᠭᠡᠯᠢᠭ᠂ ᠠᠮᠲᠠᠲᠤ ᠰᠠᠶᠢᠬᠠᠨ ᠪᠣᠯᠭᠠᠨ᠎ᠠ︾ ᠭᠡᠵᠡᠶ᠃ | ᠬᠤᠲᠣᠩ ᠠᠷᠠᠳ ᠤᠨ ᠲᠣᠭᠤᠷᠢᠭ ᠤᠨ ᠠᠵᠢᠯᠴᠢᠨ ᠨᠡᠶᠢᠭᠡᠮ ᠲᠣᠭᠤᠷᠢᠭ ᠲᠤ᠂ ᠵᠠᠯᠠᠭᠤᠴᠤᠳ ᠤᠨ | ᠤᠬᠠᠭᠤᠯᠤᠨ ᠲᠠᠶᠢᠯᠪᠤᠷᠢᠯᠠᠭᠴᠢ ᠨᠢᠭᠤᠷᠲᠠᠨ ᠤᠬᠠᠭᠤᠯᠤᠨ ᠲᠠᠶᠢᠯᠪᠤᠷᠢᠯᠠᠬᠤ ᠠᠷᠭ᠎ᠠ ᠬᠡᠯᠪᠡᠷᠢ ᠪᠠᠷ ᠥᠪᠡᠷ ᠤᠨ | ᠨᠡᠶᠢᠲᠡ ᠶᠢᠨ ᠠᠰᠠᠷᠠᠮᠵᠢ ᠶᠢᠨ ᠬᠠᠶᠢᠷ᠎ᠠ ᠬᠠᠯᠠᠮᠵᠢ᠂ ᠰᠤᠷᠭᠠᠨ ᠬᠥᠮᠦᠵᠢᠯ ᠤᠨ ᠦᠢᠯᠡᠴᠢᠯᠡᠭᠡ ᠪᠠ ᠦᠨᠳᠦᠰᠦᠨ | ᠱᠠᠲᠤᠨ ᠤ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠭᠰᠠᠨ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ | ᠨᠡᠶᠢᠭᠡᠮ ᠲᠣᠭᠤᠷᠢᠭ ᠤᠨ ᠵᠠᠯᠠᠭᠤᠴᠤᠳ ᠪᠠ ᠪᠠᠷᠠᠭᠤᠨ ᠣᠷᠣᠨ ᠤ ᠲᠥᠯᠥᠪᠯᠡᠭᠡ ᠳᠤ ᠰᠠᠶᠢᠨ ᠳᠤᠷ᠎ᠠ ᠠᠴᠠ ᠪᠠᠨ | ᠦᠢᠯᠡᠴᠢᠯᠡᠬᠦ ᠰᠠᠶᠢᠨ ᠳᠤᠷᠠᠴᠤᠳ ᠲᠤ ᠬᠠᠨᠳᠤᠵᠤ᠂ ᠠᠮᠢᠳᠤᠯᠢᠭ ᠦᠢᠯᠡ ᠶᠠᠪᠤᠳᠠᠯ ᠢᠶᠠᠷ ᠳᠠᠮᠵᠢᠭᠤᠯᠤᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠵᠤ᠂ ᠨᠡᠶᠢᠭᠡᠮ ᠲᠣᠭᠤᠷᠢᠭ ᠤᠨ ᠵᠠᠯᠠᠭᠤᠴᠤᠳ ᠤᠨ ᠠᠩᠬᠠᠷᠴᠤ ᠪᠠᠶᠢᠭ᠎ᠠ ᠬᠤᠲᠠ | ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠵᠠᠰᠠᠯᠲᠠ ᠶᠢᠨ ᠠᠭᠤᠰᠤᠯᠴᠠᠬᠤ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠠᠷᠠᠳᠴᠢᠯᠠᠯ ᠤᠨ ᠲᠦᠷᠢᠮ ᠢ ᠪᠦᠷᠢᠨᠰᠢᠬᠦᠯᠬᠦ᠂ | ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠥᠷᠥ ᠶᠢᠨ | ᠪᠣᠳᠣᠯᠭ᠎ᠠ ᠶᠢᠨ ᠠᠭᠤᠯᠭ᠎ᠠ ᠶᠢ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠶᠢ ᠣᠶᠢᠯᠠᠭᠠᠵᠤ᠂ ᠴᠡᠭᠡᠵᠢᠯᠡᠵᠦ᠂ | ᠬᠡᠷᠡᠭᠯᠡᠬᠦ ᠳᠤ ᠳᠦᠭᠦᠮ ᠪᠤᠯᠭᠠᠵᠠᠢ᠃ | |