ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ | ᠠᠯᠪᠠᠨ ᠬᠡᠷ᠂ ᠲᠣᠪᠴᠢᠶ᠎ᠠ ᠳᠤ᠄ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠬᠡᠰᠡᠭ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠮᠢᠶ᠎ᠠ ᠪᠥᠬᠦᠶ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠵᠤ᠂ ᠵᠠᠰᠠᠪᠤᠷᠢ | ᠣᠷᠣᠭᠤᠯᠤᠭᠰᠠᠨ ᠠᠭᠤᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠡᠳᠦᠭᠡ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠃ ᠨᠢᠭᠡ᠂ ︽ᠬᠥᠬᠡᠬᠤᠲᠠ ᠶᠢᠨ ᠶᠡᠭᠡ ᠳᠡᠭᠡᠳᠦ | ᠰᠤᠷᠭᠠᠭᠤᠯᠢ ᠬᠦᠷᠢᠶᠡᠯᠡᠩ ᠭᠠᠵᠠᠷ ᠬᠠᠮᠵᠢᠯᠴᠠᠨ ᠰᠢᠨ᠎ᠡ ᠶᠢ ᠡᠭᠦᠳᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ | ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 25 ᠳ᠋ᠤᠭᠠᠷ ᠲᠣᠭᠠᠲᠤ︶ ︽ᠨᠢᠭᠡ᠂ | ᠬᠠᠮᠵᠢᠯᠴᠠᠬᠤ ᠪᠣᠳᠣᠯᠭ᠎ᠠ ᠶᠢᠨ ᠰᠤᠷᠪᠤᠯᠵᠢ ᠭᠠᠵᠠᠷ ᠢ ᠪᠠᠶᠢᠭᠤᠯᠤᠨ᠎ᠠ︾ ᠬᠡᠰᠡᠭ ᠤᠨ ︽ ︵ᠳᠥᠷᠪᠡ︶ ᠰᠢᠨᠵᠢᠯᠡᠬᠦ | ᠤᠬᠠᠭᠠᠨ ᠤ ᠬᠡᠯᠪᠡᠷᠢ ᠶᠢᠨ ᠠᠵᠤ ᠠᠬᠤᠶᠢᠯᠠᠯ ᠪᠠᠶᠢᠭᠤᠯᠬᠤ ᠶᠢ ᠳᠡᠮᠵᠢᠨ᠎ᠡ︾ ᠳᠣᠲᠣᠷᠠᠬᠢ ︽ᠵᠠᠰᠠᠭ ᠤᠨ | ᠣᠷᠳᠣᠨ ᠠᠴᠠ ᠵᠢᠯᠣᠭᠤᠳᠤᠨ ᠪᠠᠶᠢᠭᠤᠯᠤᠭᠰᠠᠨ ᠰᠢᠨ᠎ᠡ ᠶᠢ ᠡᠭᠦᠳᠦᠨ ᠦᠢᠯᠡᠰ ᠪᠣᠰᠬᠠᠬᠤ ᠠᠴᠢᠶᠠᠯᠠᠪᠤᠷᠢ ᠶᠢᠨ | ᠣᠷᠣᠵᠤ ᠰᠠᠭᠤᠬᠤ ᠶᠢ ᠤᠷᠢᠳᠠᠪᠠᠷ ᠳᠡᠮᠵᠢᠨ᠎ᠡ︾ ᠭᠡᠰᠡᠨ ᠲᠣᠭᠠᠴᠢᠯᠲᠠ ᠶᠢ ︽ᠣᠯᠠᠨ ᠢᠶᠠᠷ ᠦᠢᠯᠡᠰ ᠪᠣᠰᠬᠠᠬᠤ | ᠣᠷᠣᠨ ᠵᠠᠢ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠡᠭᠦᠷ ᠵᠡᠷᠭᠡ ᠰᠢᠨ᠎ᠡ ᠶᠢ ᠡᠭᠦᠳᠦᠨ | ᠦᠢᠯᠡᠰ ᠪᠣᠰᠬᠠᠬᠤ ᠠᠴᠢᠶᠠᠯᠠᠪᠤᠷᠢ ᠶᠢᠨ ᠣᠷᠣᠵᠤ ᠰᠠᠭᠤᠬᠤ ᠶᠢ ᠳᠡᠮᠵᠢᠨ᠎ᠡ︾ ᠭᠡᠵᠦ ᠵᠠᠰᠠᠨ᠎ᠠ᠃ ᠬᠤᠶᠠᠷ᠂ ︽ | ᠬᠥᠬᠡᠬᠤᠲᠠ ᠶᠢᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ | ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ | ᠠᠯᠪᠠᠨ ᠲᠠᠷᠬᠠᠭᠠᠭᠰᠠᠨ ﹇2023﹈ 26 ᠳ᠋ᠤᠭᠠᠷ ᠲᠣᠭᠠᠲᠤ︶ ︽ᠨᠢᠭᠡ᠂ ᠰᠢᠨ᠎ᠡ ᠶᠢ ᠡᠭᠦᠳᠬᠦ ᠲᠠᠪᠴᠠᠩ | ᠪᠠ ᠰᠢᠨ᠎ᠡ ᠶᠢ ᠡᠭᠦᠳᠬᠦ ᠭᠤᠤᠯ ᠴᠣᠭᠴᠠ ᠶᠢ ᠪᠣᠶᠢᠵᠢᠭᠤᠯᠤᠨ᠎ᠠ︾ ᠬᠡᠰᠡᠭ ᠤᠨ ︽︵ᠬᠤᠶᠠᠷ︶ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠤᠨ᠎ᠠ︾ ᠳᠣᠲᠣᠷᠠᠬᠢ ︽︿ᠲᠤᠰᠬᠠᠶ ᠨᠠᠷᠢᠯᠢᠭ ᠣᠨᠴᠠ | ᠰᠢᠨ᠎ᠡ﹀ ᠠᠵᠤ ᠠᠬᠤᠶᠢᠯᠠᠯ ᠢ ᠪᠤᠶᠢᠵᠢᠭᠤᠯᠵᠤ᠂ ᠰᠢᠨ᠎ᠡ ᠪᠠᠷ ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ︿ | ᠲᠤᠰᠬᠠᠶ ᠨᠠᠷᠢᠯᠢᠭ ᠣᠨᠴᠠ ᠰᠢᠨ᠎ᠡ﹀ ᠳᠤᠮᠳᠠ ᠵᠢᠵᠢᠭ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 20 | ᠲᠦᠮᠡᠨ ᠲᠥᠭᠦᠷᠢᠭ ᠱᠠᠩᠨᠠᠨ᠎ᠠ︔ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ ᠲᠤᠰᠬᠠᠶ ᠨᠠᠷᠢᠯᠢᠭ | ᠣᠨᠴᠠ ᠰᠢᠨ᠎ᠡ ︿ᠵᠢᠵᠢᠭ ᠠᠪᠤᠷᠭᠤ ᠬᠥᠮᠦᠨ﹀ ᠠᠵᠤ ᠠᠬᠤᠶᠢᠯᠠᠯ᠂ ᠮᠠᠨ ᠤ ᠬᠤᠲᠠ ᠶᠢᠨ ᠵᠠᠰᠠᠭ ᠵᠠᠬᠢᠷᠭᠠᠨ ᠤ | ᠣᠷᠣᠨ ᠤ ᠭᠠᠳᠠᠨ᠎ᠠ ᠠᠴᠠ ᠨᠡᠭᠦᠵᠦ ᠢᠷᠡᠭᠰᠡᠨ ᠤᠯᠤᠰ ᠤᠨ ᠲᠠᠰ ᠤᠨ ᠲᠤᠰᠬᠠᠶ ᠨᠠᠷᠢᠯᠢᠭ ᠣᠨᠴᠠ ᠰᠢᠨ᠎ᠡ ︿ᠵᠢᠵᠢᠭ | ᠠᠪᠤᠷᠭᠤ ᠬᠥᠮᠦᠨ﹀ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠱᠠᠩᠨᠠᠨ᠎ᠠ᠃︾ | ᠭᠡᠰᠡᠨ ᠲᠣᠭᠠᠴᠢᠯᠲᠠ ᠶᠢ ᠬᠠᠰᠤᠨ᠎ᠠ᠃ ᠭᠤᠷᠪᠠ᠂ ︽ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ | ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ | ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 49 ᠳ᠋ᠦ᠋ᠭᠡᠷ ᠲᠣᠭᠠᠲᠤ︶ | ︽ᠠᠷᠪᠠᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ᠡᠷᠬᠢᠯᠡᠵᠦ ᠪᠠᠶᠢᠭ᠎ᠠ | ᠵᠢᠯᠣᠭᠤᠴᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ︾ ᠳᠣᠲᠣᠷᠠᠬᠢ ︽︵ᠨᠢᠭᠡ︶ ᠲᠣᠰ | ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ᠬᠦᠴᠦᠨ ᠪᠦᠬᠦᠢ ︿ᠣᠷᠣᠰᠢᠨ ᠰᠠᠭᠤᠬᠤ | ᠦᠨᠡᠮᠯᠡᠯ﹀ ᠲᠠᠢ ᠪᠠᠶᠢᠬᠤ ᠬᠡᠷᠡᠭᠲᠡᠢ︾ ᠭᠡᠰᠡᠨ ᠲᠣᠭᠠᠴᠢᠯᠲᠠ ᠶᠢ ᠬᠠᠰᠤᠨ᠎ᠠ᠃ ᠬᠥᠬᠡᠬᠤᠲᠠ ᠶᠢᠨ | ᠠᠷᠠᠳ ᠤᠨ ᠵᠠᠰᠠᠭ ᠤᠨ ᠣᠷᠳᠣᠨ 2024 ᠣᠨ ᠤ 8 ᠳ᠋ᠤᠭᠠᠷ ᠰᠠᠷ᠎ᠠ ᠶᠢᠨ 16 ᠤ ᠡᠳᠦᠷ |