︵ᠰᠤᠷᠪᠤᠯᠵᠢᠯᠠᠭᠴᠢ ᠰᠦᠩ ᠰᠢᠶᠠᠩ ᠬᠤᠸᠠ︶ ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠠᠴᠠ ᠬᠥᠬᠡᠬᠤᠲᠠ ᠶᠢᠨ 2024 ᠣᠨ ᠤ ᠲᠥᠪ ᠤᠨ ᠡᠳ᠋ ᠤᠨ ᠵᠠᠰᠠᠭ ᠤᠨ ᠳᠤᠮᠳᠠ ᠵᠢᠵᠢᠭ ᠠᠵᠤ | ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠲᠤᠰᠬᠠᠶ ᠪᠠᠯᠠ ᠮᠥᠩᠭᠦ ᠶᠢ 10500 | ᠲᠦᠮᠡᠨ ᠲᠥᠭᠦᠷᠢᠭ ᠪᠠᠭᠤᠯᠭᠠᠪᠠ᠃ ︽2024 ᠣᠨ ᠤ ᠳᠤᠮᠳᠠ ᠵᠢᠵᠢᠭ ᠠᠵᠤ ᠠᠬᠤᠶᠢᠯᠠᠯ ᠤᠨ | ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠬᠤᠲᠠ ᠶᠢᠨ ᠠᠵᠢᠯ ᠢ ᠰᠠᠶᠢᠲᠤᠷ ᠬᠢᠬᠦ | ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ ᠡᠮᠦᠨᠡᠬᠢ ᠬᠤᠭᠤᠴᠠᠭᠠᠨ ᠤ ᠭᠤᠶᠤᠴᠢᠯᠠᠨ ᠮᠡᠳᠡᠭᠦᠯᠬᠦ᠂ | ᠥᠷᠢᠰᠥᠯᠳᠦᠭᠡᠨ ᠤ ᠴᠢᠨᠠᠷᠲᠠᠶ ᠰᠢᠯᠭᠠᠷᠠᠭᠤᠯᠤᠯᠲᠠ ᠪᠠᠷ ᠳᠡᠮᠵᠢᠨ᠂ ᠬᠥᠬᠡᠬᠤᠲᠠ ᠶᠢ ᠡᠳ᠋ ᠤᠨ ᠵᠠᠰᠠᠭ ᠤᠨ ᠶᠠᠮᠤᠨ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠬᠤᠶᠠᠳᠤᠭᠠᠷ ᠪᠦᠯᠦᠭ ᠤᠨ ᠤᠯᠤᠰ ᠤᠨ ᠳᠤᠮᠳᠠ | ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠵᠦᠭ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠬᠤᠲᠠ ᠪᠠᠷ | ᠲᠤᠭᠲᠠᠭᠠᠵᠠᠢ᠃ ᠲᠣᠰ ᠤᠳᠠᠭᠠᠨ ᠤ ᠲᠥᠪ ᠤᠨ ᠲᠤᠰᠬᠠᠶ ᠪᠠᠯᠠ ᠮᠥᠩᠭᠦ ᠶᠢ ᠴᠠᠭ ᠲᠤᠬᠠᠶ ᠳᠤᠨᠢ ᠪᠠᠭᠠᠤᠯᠭᠠᠭᠰᠠᠨ | ᠨᠢ᠂ ᠪᠥᠬᠦ ᠬᠤᠲᠠ ᠶᠢᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠶ ᠶᠢᠨ ᠠᠵᠤ ᠦᠢᠯᠡᠰ ᠢ ᠤᠷᠢᠳᠴᠢᠯᠠᠨ | ᠪᠠᠶᠢᠷᠢᠰᠢᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠬᠤ᠂ ᠪᠣᠳᠠᠲᠤ ᠴᠣᠭᠴᠠ ᠶᠢᠨ ᠠᠵᠤ ᠠᠬᠤᠶ ᠪᠠ | ᠲᠣᠭᠠᠴᠢᠯᠠᠭᠰᠠᠨ ᠠᠵᠤ ᠠᠬᠤᠶ ᠶᠢᠨ ᠠᠭᠤᠰᠤᠯᠴᠠᠯ ᠤᠨ ᠦᠢᠯᠡᠳᠦᠯ ᠴᠢᠳᠠᠪᠤᠷᠢ ᠶᠢ ᠪᠥᠬᠦ ᠲᠠᠯ᠎ᠠ ᠪᠠᠷ ᠪᠠᠳᠠᠷᠠᠭᠤᠯᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠳᠤ ᠬᠦᠴᠦᠲᠡᠶ ᠪᠠᠯᠠ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ | ᠠᠯᠬᠤᠮ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢ | ᠵᠢᠷᠤᠮᠵᠢᠭᠤᠯᠵᠤ᠂ ᠲᠥᠪ ᠤᠨ ᠡᠳ᠋ ᠤᠨ ᠵᠠᠰᠠᠭ ᠤᠨ ᠳᠤᠮᠳᠠ ᠵᠢᠵᠢᠭ ᠠᠵᠤ ᠠᠬᠤᠶᠢᠯᠠᠯ ᠤᠨ ᠲᠣᠭᠠᠴᠢᠯᠠᠭᠰᠠᠨ ᠵᠦᠭ | ᠬᠡᠯᠪᠡᠷᠢ ᠪᠠᠨ ᠬᠤᠪᠢᠷᠠᠭᠤᠯᠬᠤ ᠲᠤᠰᠬᠠᠶ ᠪᠠᠯᠠ ᠮᠥᠩᠭᠦ ᠶᠢᠨ ᠪᠥᠬᠦ ᠶᠠᠪᠤᠴᠠ ᠶᠢᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠶᠢ ᠬᠢᠨᠠᠨ | ᠡᠵᠡᠮᠳᠡᠬᠦ ᠪᠠᠨ ᠴᠢᠩᠭᠠᠳᠬᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ |