︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠢᠦᠢ ᠫᠧᠩ ᠹᠧᠢ︶ 7 ᠳ᠋ᠤᠭᠠᠷ ᠰᠠᠷ᠎ᠠ ᠶᠢᠨ | 30 ᠤ ᠡᠳᠦᠷ ᠪᠣᠯᠲᠠᠯ᠎ᠠ᠂ ᠬᠥᠬᠡᠬᠤᠲᠠ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠶᠢ ᠳᠡᠰ | ᠳᠡᠭᠡᠭᠰᠢᠯᠡᠭᠦᠯᠦᠨ 4.34 ᠳ᠋ᠦᠩᠰᠢᠭᠤᠷ ᠲᠥᠭᠦᠷᠢᠭ ᠲᠠᠷᠬᠠᠭᠠᠪᠠ᠂ ᠡᠭᠦᠨ ᠳᠤ᠂ ᠲᠠᠷᠢᠶᠠᠨ ᠭᠠᠵᠠᠷ ᠤᠨ ᠭᠠᠵᠠᠷ ᠤᠨ | ᠬᠦᠴᠦᠨ ᠤ ᠬᠠᠮᠠᠭᠠᠯᠠᠯᠲᠠ ᠶᠢᠨ ᠨᠥᠬᠦᠪᠥᠷᠢ 3.1 ᠳ᠋ᠦᠩᠰᠢᠭᠤᠷ ᠲᠥᠭᠦᠷᠢᠭ᠂ ᠰᠦ ᠶᠢᠨ ᠦᠢᠯᠡᠰ ᠢ ᠬᠥᠭᠵᠢᠭᠦᠯᠬᠦ | ᠪᠡᠯᠡ ᠮᠥᠩᠭᠦ 1.24 ᠳ᠋ᠦᠩᠰᠢᠭᠤᠷ ᠲᠥᠭᠦᠷᠢᠭ ᠪᠠᠭᠲᠠᠨ᠎ᠠ᠃ ︽ᠮᠠᠯᠴᠢᠨ ᠲᠠᠷᠢᠶᠠᠴᠢᠨ ᠳᠤ ᠠᠰᠢᠭ | ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠰᠢᠭᠤᠳ ᠬᠦᠷᠭᠡᠬᠦ ᠲᠣᠭᠲᠠᠴᠠ ᠶᠢᠨ ᠰᠢᠨ᠎ᠡ ᠶᠢ | ᠡᠭᠦᠳᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠯᠴᠢᠨ ᠲᠠᠷᠢᠶᠠᠴᠢᠳ ᠲᠤ | ᠠᠰᠢᠭ ᠬᠦᠷᠲᠡᠭᠡᠬᠦ ᠨᠥᠬᠦᠪᠦᠷᠢ ᠶᠢ ᠳᠡᠰ ᠳᠡᠭᠡᠭᠰᠢᠯᠡᠭᠦᠯᠦᠨ ᠣᠯᠭᠤᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ | ᠣᠳᠣᠬᠠᠨ ᠳᠤ᠂ 3.1 ᠳ᠋ᠦᠩᠰᠢᠭᠤᠷ ᠲᠥᠭᠦᠷᠢᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ | ᠨᠥᠬᠦᠪᠥᠷᠢ ᠶᠢ ᠪᠥᠬᠦ ᠬᠤᠲᠠ ᠶᠢᠨ 24.3 ᠲᠦᠮᠡᠨ ᠡᠷᠦᠬᠡ ᠳᠤ ᠬᠦᠷᠲᠡᠭᠡᠵᠦ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ ᠬᠤᠰᠢᠭᠤ ᠰᠢᠶᠠᠨ ᠲᠣᠭᠤᠷᠢᠭ ᠤᠨ ᠨᠥᠬᠦᠪᠥᠷᠢ ᠶᠢᠨ ᠨᠠᠷᠢᠨ ᠲᠠᠩᠰᠠ ᠪᠠᠨ ᠳᠡᠭᠡᠭᠰᠢ ᠮᠡᠳᠡᠭᠦᠯᠦᠭᠰᠡᠨ ᠤ | ᠳᠠᠷᠠᠭ᠎ᠠ᠂ ᠨᠥᠬᠦᠪᠥᠷᠢ ᠶᠢᠨ ᠪᠠᠯᠠ ᠮᠥᠩᠭᠦ ᠶᠢ ᠲᠡᠷᠡ ᠳᠠᠷᠤᠶ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ | ᠲᠠᠷᠬᠠᠭᠠᠵᠤ᠂ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ | ᠬᠠᠮᠠᠭᠠᠯᠠᠪᠠ᠃ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ 39 ᠠᠵᠤ ᠠᠬᠤᠶᠢᠯᠠᠯ᠂ | ᠮᠠᠯᠵᠢᠯ ᠤᠨ ᠲᠠᠯᠠᠪᠠᠢ ᠵᠢᠴᠢ ᠬᠤᠷᠰᠢᠶᠠᠵᠢᠯ 32 ᠡᠷᠦᠬᠡ ᠳᠤ ᠠᠰᠢᠭ ᠬᠦᠷᠲᠡᠭᠡᠵᠦ᠂ ᠨᠥᠬᠦᠪᠦᠷᠢ ᠶᠢᠨ ᠪᠡᠯᠡ | ᠮᠥᠩᠭᠦ ᠶᠢ ᠴᠠᠭ ᠲᠤᠬᠠᠢ ᠳᠤᠨᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠬᠦ ᠬᠤᠳᠠ ᠶᠢᠨ ᠰᠠᠭᠠᠯᠢ ᠶᠢᠨ ᠦᠨᠢᠶ᠎ᠡ ᠶᠢ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠪᠦᠲᠦᠮᠵᠢᠲᠡᠢ ᠠᠬᠢᠭᠤᠯᠵᠤ᠂ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠪᠡ᠃
|