︵ᠰᠤᠷᠪᠤᠯᠵᠢᠯᠠᠭᠴᠢ ᠰᠦᠩ ᠰᠢᠶᠠᠩ ᠬᠤᠸᠠ︶ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ | ᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 134274.02 ᠲᠦᠮᠡᠨ ᠲᠥᠭᠦᠷᠢᠭ ᠤᠨ | ᠨᠥᠬᠦᠪᠥᠷᠢ ᠮᠥᠩᠭᠦ ᠤᠯᠭᠤᠪᠠ᠂ ᠡᠭᠦᠨ ᠳᠤ᠂ ᠲᠠᠷᠢᠶᠠᠴᠢᠳ ᠤᠨ ᠨᠥᠬᠦᠪᠥᠷᠢ ᠪᠡᠯᠡ ᠮᠥᠩᠭᠦ 126745.03 | ᠲᠦᠮᠡᠨ ᠲᠥᠭᠦᠷᠢᠭ᠂ 94.39% ᠶᠢ ᠡᠵᠡᠯᠡᠨ᠎ᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ | ᠪᠡᠯᠡ ᠮᠥᠩᠭᠦ 7528.99 ᠲᠦᠮᠡᠨ ᠲᠥᠭᠦᠷᠢᠭ᠂ 5.61% ᠶᠢ ᠡᠵᠡᠯᠡᠨ᠎ᠡ᠃ ᠪᠥᠬᠦ ᠬᠤᠲᠠ ᠶᠢᠨ 89 ᠰᠢᠶᠠᠩ | ᠪᠠᠯᠭᠠᠰᠤ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 259.17 ᠲᠦᠮᠡᠨ ᠬᠥᠮᠦᠨ | ᠤᠳᠠᠭ᠎ᠠ ᠤᠯᠭᠤᠪᠠ᠃ ᠨᠥᠬᠦᠪᠥᠷᠢ ᠮᠥᠩᠭᠦ ᠤᠯᠭᠤᠭᠰᠠᠨ ᠲᠦᠷᠦᠯ ᠵᠦᠢᠯ ᠨᠢ ᠨᠡᠶᠢᠲᠡ 8 ᠬᠦᠷᠢᠶᠡᠨ ᠤ 50 | ᠲᠥᠷᠥᠯ 59 ᠵᠦᠢᠯ ᠢ ᠬᠠᠮᠤᠷᠠᠪᠠ᠃ ᠣᠯᠭᠤᠭᠰᠠᠨ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠳᠤ | ᠂ ᠣᠯᠭᠤᠭᠰᠠᠨ ᠵᠣᠭᠤᠰ ᠤᠨ ᠲᠤᠭ᠎ᠠ ᠶᠢᠨ ᠡᠵᠡᠯᠡᠬᠦ ᠬᠠᠷᠢᠴᠠᠯ ᠨᠡᠯᠢᠶᠡᠳ ᠶᠡᠭᠡ ᠨᠢ ᠭᠤᠤᠯᠳᠠᠭᠤ ᠨᠡᠶᠢᠭᠡᠮ ᠤᠨ | ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ᠂ ᠣᠶ ᠰᠢᠭᠤᠶ ᠶᠢᠨ ᠲᠥᠷᠥᠯ᠂ | ᠴᠠᠯᠢᠩ ᠤᠨ ᠨᠥᠬᠦᠪᠥᠷᠢ ᠶᠢᠨ ᠲᠥᠷᠥᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥᠯ ᠵᠡᠷᠭᠡ ᠠᠷᠠᠳ ᠤᠨ | ᠠᠮᠢᠳᠤᠷᠠᠯ ᠤᠨ ᠲᠥᠷᠥᠯ ᠤᠨ ᠲᠠᠪᠤᠨ ᠶᠡᠭᠡ ᠨᠥᠬᠦᠪᠥᠷᠢ ᠶᠢᠨ ᠪᠠᠯᠠ ᠮᠥᠩᠭᠦ ᠪᠣᠯᠤᠨ᠎ᠠ᠃
|