︵ᠰᠤᠷᠪᠤᠯᠵᠢᠯᠠᠭᠴᠢ ᠶᠦᠨ ᠵᠢᠩ︶ 9 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠶᠠᠷᠢᠯᠴᠠᠬᠤ ᠬᠤᠷᠠᠯ ᠢ | ᠡᠷᠬᠢᠯᠡᠨ ᠬᠤᠷᠠᠯᠳᠤᠭᠤᠯᠪᠠ᠃ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠪᠣᠯᠤᠨ | ᠰᠣᠶᠣᠯ ᠵᠢᠭᠤᠯᠴᠢᠯᠠᠯ᠂ ᠪᠠᠭᠤᠳᠠᠯ ᠢᠳᠡᠭᠡᠨ ᠤᠮᠳᠠᠭᠠᠨ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ 40 | ᠭᠠᠷᠤᠶ ᠲᠥᠯᠥᠭᠡᠯᠡᠭᠴᠢ ᠨᠢᠭᠡ ᠲᠢᠩᠬᠢᠮ ᠳᠤ ᠬᠤᠷᠠᠨ ᠴᠤᠭᠯᠠᠷᠠᠵᠤ᠂ ᠪᠥᠬᠦ ᠬᠤᠲᠠ ᠶᠢᠨ ᠰᠣᠶᠣᠯ ᠵᠢᠭᠤᠯᠴᠢᠯᠠᠯ | ᠬᠤᠳᠠᠯᠳᠤᠭᠠᠨ ᠤ ᠠᠵᠤ ᠦᠢᠯᠡᠰ ᠤᠨ ᠠᠭᠤᠰᠤᠯᠴᠠᠵᠤ ᠴᠢᠨᠠᠷ ᠰᠠᠶᠢᠲᠠᠶ ᠬᠦᠭᠵᠢᠬᠦ ᠶᠢ ᠠᠬᠢᠭᠤᠯᠬᠤ ᠠᠷᠭ᠎ᠠ | ᠪᠣᠳᠣᠯᠭ᠎ᠠ ᠶᠢ ᠬᠠᠮᠲᠤ ᠪᠠᠷ ᠵᠥᠪᠯᠡᠪᠡ᠃ ᠬᠤᠷᠠᠯ ᠳᠡᠭᠡᠷ᠎ᠡ᠂ ᠤᠯᠠᠨ ᠢᠶᠠᠷ ᠢᠶᠠᠨ ᠥᠪᠡᠷ ᠥᠪᠡᠷ ᠤᠨ | ᠬᠦᠷᠢᠶᠡᠨ ᠠᠴᠠ ᠪᠠᠨ ᠡᠭᠦᠰᠴᠦ᠂ ᠰᠣᠶᠣᠯ ᠵᠢᠭᠤᠯᠴᠢᠯᠠᠯ ᠬᠤᠳᠠᠯᠳᠤᠭᠠᠨ ᠤ ᠠᠵᠤ ᠦᠢᠯᠡᠰ ᠤᠨ ᠠᠭᠤᠰᠤᠯᠴᠠᠨ | ᠬᠥᠭᠵᠢᠬᠦ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ ᠶᠢᠨ ᠲᠣᠭᠤᠷᠢᠨ ᠳᠤ᠂ | ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ︽ | ᠣᠨᠴᠠᠯᠢᠭᠲᠤ ᠲᠡᠮᠳᠡᠭᠲᠦ︾ ᠶᠢ ᠬᠡᠷᠬᠢᠨ ᠡᠭᠦᠳᠬᠦ ᠲᠤᠬᠠᠢ ᠮᠠᠰᠢ ᠣᠯᠠᠨ ᠨᠠᠨᠳᠢᠨ ᠰᠠᠨᠠᠭᠤᠯᠭ᠎ᠠ ᠪᠠᠨ ᠳᠤᠷᠠᠳᠴᠠᠢ᠃ | ᠪᠣᠣ ᠭᠠᠩ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ | ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠣᠯᠠᠨ ᠤ ᠰᠠᠨᠠᠭᠤᠯᠭ᠎ᠠ ᠶᠢ ᠡᠮᠬᠢᠯᠡᠨ ᠰᠤᠳᠤᠯᠵᠤ᠂ | ᠢᠳᠡᠪᠬᠢᠲᠡᠢ ᠪᠠᠷ ᠭᠥᠯᠢᠶᠡᠨ ᠠᠪᠴᠤ᠂ ᠰᠠᠶᠢᠨ ᠰᠠᠨᠠᠭᠤᠯᠭ᠎ᠠ ᠶᠢ ᠰᠣᠶᠣᠯ ᠵᠢᠭᠤᠯᠴᠢᠯᠠᠯ ᠬᠤᠳᠠᠯᠳᠤᠭᠠᠨ ᠤ | ᠠᠭᠤᠰᠤᠯᠴᠠᠨ ᠬᠥᠭᠵᠢᠬᠦ ᠶᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠠᠰᠢᠭᠯᠠᠬᠤ ᠬᠡᠷᠡᠭᠲᠡᠢ ᠭᠡᠵᠦ | ᠱᠠᠭᠠᠷᠳᠠᠵᠠᠢ᠃ ᠪᠣᠣ ᠭᠠᠩ ᠬᠡᠯᠡᠬᠦ ᠳᠡᠭᠡᠨ᠂ ᠣᠶᠢᠷ᠎ᠠ ᠶᠢᠨ ᠵᠢᠯ ᠠᠴᠠ᠂ ᠣᠷᠣᠨ ᠤ ᠲᠥᠪ ᠬᠤᠲᠠ ᠶᠢᠨ ᠠᠵᠤ | ᠠᠬᠤᠢ ᠶᠢᠨ ᠶᠡᠷᠦᠩᠬᠡᠢ ᠬᠡᠮᠵᠢᠶ᠎ᠡ ᠦᠷᠭᠦᠯᠵᠢᠯᠡᠨ ᠳᠡᠭᠡᠭᠰᠢᠯᠡᠵᠦ᠂ ︽ᠵᠢᠷᠭᠤᠭᠠᠨ ᠶᠡᠭᠡ ᠠᠵᠤ ᠦᠢᠯᠡᠰ ᠤᠨ | ᠪᠥᠭᠡᠮᠨᠡᠷᠡᠯ︾ ᠲᠠᠰᠤᠷᠠᠯᠲᠠ ᠦᠭᠡᠢ ᠪᠤᠵᠠᠭᠠᠶᠢᠷᠠᠵᠤ᠂ ︽ᠲᠠᠪᠤᠨ ᠲᠣᠬᠢᠷᠠᠮᠵᠢᠲᠠᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠠᠩᠬ᠎ᠠ ᠠᠯᠬᠤᠮ ᠲᠣᠳᠣᠷᠠᠵᠤ᠂ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠭ᠎ᠠ | ᠵᠠᠮ ᠬᠠᠷᠢᠯᠴᠠᠭᠠᠨ ᠤ ᠲᠣᠣᠷ᠂ ᠲᠠᠯᠠᠪᠤᠷ ᠣᠷᠳᠣᠨ ᠵᠡᠷᠭᠡ ᠰᠠᠭᠤᠷᠢ ᠲᠥᠬᠦᠭᠡᠷᠦᠮᠵᠢ ᠨᠢ ᠡᠯ᠎ᠡ ᠲᠦᠷᠦᠯ ᠤᠨ | ᠦᠵᠡᠭᠦᠯᠦᠯᠭᠡ ᠶᠢᠨ ᠴᠤᠭᠯᠠᠭᠠᠨ᠂ ᠳᠠᠭᠤᠤ ᠶᠢᠨ ᠴᠤᠭᠯᠠᠭᠠᠨ ᠵᠡᠷᠭᠡ ᠲᠣᠮᠣ ᠬᠡᠯᠪᠡᠷᠢ ᠶᠢᠨ ᠠᠵᠢᠯᠯᠠᠭ᠎ᠠ ᠡᠷᠬᠢᠯᠡᠬᠦ ᠳᠤ | ᠠᠰᠢᠭᠲᠠᠢ ᠨᠥᠬᠦᠴᠡᠯ ᠬᠠᠩᠭᠠᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ | ᠦᠷᠭᠦᠯᠵᠢᠯᠡᠨ ᠬᠥᠭᠵᠢᠬᠦ ᠶᠢ ᠳᠠᠶᠢᠴᠢᠯᠠᠵᠤ᠂ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ | ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠪᠢᠳᠡ ᠠᠯᠤᠰ ᠬᠡᠳᠤ ᠶᠢᠨ ᠬᠥᠭᠵᠢᠯᠲᠡ ᠶᠢ | ᠪᠣᠳᠣᠯᠬᠢᠯᠠᠵᠤ᠂ ︽ᠤᠷᠤᠰᠬᠠᠯ ᠤᠨ ᠬᠡᠮᠵᠢᠶ᠎ᠡ︾ ᠶᠢ ︽ᠦᠯᠡᠳᠡᠬᠦ ᠬᠡᠮᠵᠢᠶ᠎ᠡ︾ ᠪᠣᠯᠭᠠᠨ ᠬᠤᠪᠢᠷᠠᠭᠤᠯᠵᠤ᠂ ᠣᠷᠣᠨ ᠤ | ᠲᠥᠪ ᠬᠤᠲᠠ ᠶᠢ ᠪᠦᠬᠦ ᠣᠷᠣᠨ ᠤ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠬᠤ ᠪᠠᠷ ᠪᠠᠷᠠᠬᠤ | ᠦᠭᠡᠢ᠂ ᠨᠡᠩ ᠴᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ ᠰᠡᠳᠬᠢᠯ ᠢ ᠲᠠᠲᠠᠭᠰᠠᠨ | ᠵᠢᠭᠤᠯᠴᠢᠯᠠᠯ ᠤᠨ ᠵᠣᠷᠢᠯᠲᠠ ᠭᠠᠵᠠᠷ ᠪᠣᠯᠭᠠᠬᠤ ᠬᠡᠷᠡᠭᠲᠡᠢ ᠭᠡᠵᠡᠢ᠃ ᠪᠣᠣ ᠭᠠᠩ ᠬᠡᠯᠡᠬᠦ ᠳᠡᠭᠡᠨ᠂ ᠰᠣᠶᠣᠯ | ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠪᠣᠯ ᠨᠢᠭᠡ ᠵᠦᠢᠯ ᠤᠨ ᠰᠢᠰᠲ᠋ᠧᠮᠲᠦ | ᠴᠢᠨᠠᠷᠲᠠᠢ ᠠᠵᠢᠯ ᠮᠥᠨ᠂ ᠡᠯ᠎ᠡ ᠲᠠᠯ᠎ᠠ ᠶᠢᠨ ᠬᠢᠨ ᠬᠠᠮᠲᠤ ᠪᠠᠷ ᠬᠦᠴᠦᠯᠡᠬᠦ ᠴᠢᠬᠤᠯᠠᠲᠠᠢ᠃ ᠨᠢᠭᠡᠳᠦᠯᠲᠡᠢ | ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ︽ᠨᠢᠭᠡ ᠬᠤᠩᠬᠢᠯ ᠬᠤᠶᠠᠷ ᠲᠡᠩᠭᠡᠯᠢᠭ ᠭᠤᠷᠪᠠᠨ ᠪᠦᠰᠡ︾ | ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠲᠡᠭᠦᠯᠳᠡᠷᠵᠢᠭᠦᠯᠵᠦ᠂ ︽ᠥᠨᠳᠦᠷᠯᠢᠭ ᠤᠨ ᠲᠠᠯ᠎ᠠ | ᠨᠤᠲᠤᠭ ᠤᠨ ᠵᠢᠭᠤᠯᠴᠢᠯᠠᠯ︾ ︽ᠰᠣᠶᠣᠯ ᠦᠵᠡᠰᠬᠦᠯᠡᠩ ᠤᠨ ᠣᠷᠳᠣᠨ ᠤ ᠵᠢᠭᠤᠯᠴᠢᠯᠠᠯ︾ ︽ᠬᠠᠳᠤᠨ ᠭᠤᠣᠯ | ᠤᠷᠳᠤ ᠴᠠᠭᠠᠨ ᠬᠡᠷᠡᠮ ᠤᠨ ᠵᠢᠭᠤᠯᠴᠢᠯᠠᠯ︾ ︽ᠡᠪᠦᠯ ᠤᠨ ᠤᠯᠠᠷᠢᠯ ᠤᠨ ᠮᠥᠰᠥ ᠴᠠᠰᠤᠨ ᠤ ᠵᠢᠭᠤᠯᠴᠢᠯᠠᠯ︾ ᠵᠡᠷᠭᠡ | ᠵᠢᠭᠤᠯᠴᠢᠯᠠᠯ ᠤᠨ ᠵᠠᠮ ᠱᠤᠭᠤᠮ ᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠣᠷᠣᠨ ᠪᠦᠰᠡ ᠪᠦᠬᠦ ᠤᠯᠠᠷᠢᠯ ᠤᠨ | ᠵᠢᠭᠤᠯᠴᠢᠯᠠᠯ ᠢ ᠰᠠᠶᠢᠲᠤᠷ ᠬᠢᠵᠦ᠂ ᠵᠢᠭᠤᠯᠴᠢᠯᠠᠭᠴᠢᠳ ᠤᠨ ᠣᠶᠢᠯᠠᠭᠠᠯᠲᠠ ᠲᠦᠷᠦᠭᠳᠡᠯ ᠪᠠ ᠬᠠᠨᠤᠮᠵᠢ ᠶᠢᠨ | ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠬᠤᠳᠠᠯᠳᠤᠭᠠᠨ ᠤ ᠲᠣᠭᠤᠷᠢᠭ ᠤᠨ ᠠᠵᠤ ᠠᠬᠤᠶ᠂ ᠲᠣᠭᠯᠠᠯᠲᠠ | ᠦᠵᠡᠭᠦᠯᠭᠡ ᠶᠢᠨ ᠠᠵᠤ ᠠᠬᠤᠶ᠂ ᠬᠤᠷᠠᠯ ᠦᠵᠡᠰᠬᠦᠯᠡᠩ ᠤᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠣᠯᠠᠨ | ᠡᠰᠢᠲᠦ ᠬᠡᠷᠡᠭᠯᠡᠭᠡᠨ ᠤ ᠠᠬᠤᠢ ᠶᠢ ᠪᠤᠶᠢᠵᠢᠭᠤᠯᠤᠨ᠂ ᠡᠯ᠎ᠡ ᠲᠠᠰ ᠳᠠᠪᠬᠤᠷᠭ᠎ᠠ ᠶᠢᠨ ᠬᠡᠷᠡᠭᠯᠡᠭᠡᠨ ᠤ ᠬᠡᠷᠡᠭᠴᠡᠭᠡ ᠶᠢ | ᠭᠦᠢᠴᠡᠳ ᠬᠠᠩᠭᠠᠵᠤ᠂ ᠬᠤᠲᠠ ᠶᠢᠨ ᠨᠥᠯᠥᠭᠡᠯᠡᠬᠦ ᠬᠦᠴᠦᠨ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ | ᠬᠡᠷᠡᠭᠲᠡᠢ᠃ ᠣᠷᠣᠨ ᠤ ᠲᠥᠪ ᠬᠤᠲᠠ ᠶᠢᠨ ᠤᠨᠴᠠᠯᠢᠬᠳᠤ ᠢᠳᠡᠭᠡᠨ ᠢ ᠰᠠᠶᠢᠲᠤᠷ ᠤᠬᠠᠭᠤᠯᠤᠨ ᠲᠠᠨᠢᠯᠴᠠᠭᠤᠯᠵᠤ᠂ | ᠣᠯᠠᠨ ᠡᠰᠢᠲᠦ ᠢᠳᠡᠭᠡᠨ ᠤᠮᠳᠠᠭᠠᠨ ᠤ ᠰᠣᠶᠣᠯ ᠢᠶᠠᠷ ᠨᠠᠩ ᠣᠯᠠᠨ ᠵᠢᠭᠤᠯᠴᠢᠯᠠᠭᠴᠢᠳ ᠢ ᠬᠥᠬᠡᠬᠤᠲᠠ ᠳᠤ ᠲᠡᠳᠡᠨ | ᠠᠪᠴᠢᠷᠠᠵᠤ᠂ ᠬᠥᠬᠡᠬᠤᠲᠠ ᠶᠢᠨ ᠭᠤᠸ᠎ᠠ ᠰᠠᠶᠢᠬᠠᠨ ᠢ ᠮᠡᠳᠡᠷᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠨ | ᠠᠵᠢᠯᠯᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠦᠨᠳᠦᠳᠬᠡᠵᠦ᠂ ᠨᠡᠩ ᠡᠷᠬᠡ ᠲᠡᠭᠰᠢ | ᠨᠡᠩ ᠠᠮᠢᠵᠢᠷᠠᠯ ᠤᠨ ᠬᠦᠴᠦᠨ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠵᠠᠬ᠎ᠠ ᠳᠡᠯᠭᠡᠭᠦᠷ ᠤᠨ | ᠠᠷᠭ᠎ᠠ ᠪᠠᠷᠢᠯ ᠢᠶᠠᠷ ᠰᠣᠶᠣᠯ ᠵᠢᠭᠤᠯᠴᠢᠯᠠᠯ ᠬᠤᠳᠠᠯᠳᠤᠭᠠᠨ ᠢ ᠠᠭᠤᠰᠤᠯᠴᠠᠭᠤᠯᠤᠨ ᠬᠥᠭᠵᠢᠭᠦᠯᠵᠦ᠂ ᠦᠷᠭᠦᠯᠵᠢᠯᠡᠬᠦ | ᠴᠢᠨᠠᠷᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠂ ᠵᠢᠭᠤᠯᠴᠢᠯᠠᠯ᠂ ᠢᠳᠡᠭᠡᠨ | ᠤᠮᠳᠠᠭᠠᠨ ᠵᠡᠷᠭᠡ ᠠᠵᠢᠯ ᠲᠥᠷᠥᠯ ᠤᠨ ᠡᠵᠡᠩᠨᠡᠯᠲᠡ ᠶᠢ ᠵᠢᠷᠤᠮᠵᠢᠭᠤᠯᠬᠤ᠂ ᠦᠢᠯᠡᠴᠢᠯᠡᠭᠡ ᠶᠢ ᠪᠠᠷᠢᠮᠵᠢᠶᠠᠵᠢᠭᠤᠯᠬᠤ ᠶᠢ | ᠠᠬᠢᠭᠤᠯᠵᠤ᠂ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠨᠠᠷᠠᠲᠤ ᠲᠡᠮᠳᠡᠭᠵᠢᠭᠦᠯᠬᠦ᠂ ᠣᠨᠴᠠᠯᠢᠬᠵᠢᠭᠤᠯᠬᠤ | ᠵᠠᠮ ᠢᠶᠠᠷ ᠵᠠᠮᠨᠠᠬᠤ ᠶᠢ ᠠᠬᠢᠭᠤᠯᠬᠤ ᠬᠡᠷᠡᠭᠲᠡᠶ ᠭᠡᠵᠡᠢ᠃ ᠪᠣᠣ ᠭᠠᠩ ᠱᠠᠭᠠᠷᠳᠠᠬᠤ ᠳᠠᠭᠠᠨ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠬᠢᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠦᠬᠦ | ᠲᠠᠯ᠎ᠠ ᠪᠠᠷ ᠪᠤᠢ ᠪᠣᠯᠭᠠᠵᠤ᠂ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ ᠤᠨ ᠬᠤᠯᠪᠣᠭᠠᠯᠠᠨ | ᠬᠠᠮᠲᠤᠷᠠᠯᠴᠠᠬᠤ ᠶᠢ ᠠᠬᠢᠭᠤᠯᠵᠤ᠂ ᠨᠡᠩ ᠤᠯᠠᠨ ᠰᠣᠶᠣᠯ ᠵᠢᠭᠤᠯᠴᠢᠯᠠᠯ ᠬᠤᠳᠠᠯᠳᠤᠭᠠᠨ ᠤ ᠠᠵᠤ ᠦᠢᠯᠡᠰ ᠤᠨ | ᠬᠡᠯᠬᠢᠶ᠎ᠡ ᠶᠢᠨ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠤᠨ ᠠᠪᠴᠢᠷᠠᠵᠤ ᠤᠷᠤᠨ ᠤ ᠲᠥᠪ ᠬᠤᠲᠠ ᠳᠤ | ᠲᠥᠪᠯᠡᠷᠡᠭᠦᠯᠬᠦ ᠬᠡᠷᠡᠭᠲᠡᠢ᠃ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠳᠡᠮᠵᠢᠬᠦ ᠰᠠᠨᠠᠯ ᠢ | ᠲᠦᠷᠭᠡᠨ ᠨᠡᠶᠢᠲᠡᠯᠡᠵᠦ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠦᠨᠡᠨᠬᠦ ᠳᠡᠮᠵᠢᠵᠦ᠂ ᠵᠠᠬ᠎ᠠ | ᠳᠡᠯᠭᠡᠭᠦᠷ ᠢ ᠬᠥᠭᠵᠢᠭᠦᠯᠦᠨ᠂ ᠠᠵᠤ ᠠᠬᠤᠶᠢᠯᠠᠯ ᠢ ᠪᠠᠶᠠᠵᠢᠭᠤᠯᠵᠤ᠂ ᠠᠷᠠᠳ ᠢᠷᠭᠡᠳ ᠤᠨᠣᠷᠣᠯᠭ᠎ᠠ ᠶᠢ | ᠨᠡᠮᠡᠭᠳᠡᠭᠦᠯᠵᠦ᠂ ᠬᠤᠳᠠ ᠶᠢᠨ ︽ᠠᠮᠢᠳᠤᠷᠠᠯ ᠤᠨ ᠠᠭᠤᠷ ᠠᠮᠢᠰᠬᠤᠯ︾ ᠢ ᠤᠯᠠᠮ ᠠᠴᠠ ᠤᠯᠠᠮ ᠦᠳᠬᠡᠷᠡᠭᠦᠯᠬᠦ ᠶᠢ | ᠳᠡᠮᠵᠢᠬᠦ ᠬᠡᠷᠡᠭᠲᠡᠢ ᠭᠡᠵᠡᠢ᠃ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠸᠠᠩ ᠺᠦᠨ᠂ ᠼᠤᠤ ᡁᠢ᠂ | ᠸᠠᠩ ᠢᠦᠢ ᠲᠢᠶᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠭᠠᠵᠠᠷ ᠣᠷᠣᠨ ᠤ ᠬᠠᠷᠢᠭᠤᠴᠠᠯᠭᠠᠲᠠᠨ | ᠶᠠᠷᠢᠯᠴᠠᠬᠤ ᠬᠤᠷᠠᠯ ᠳᠤ ᠣᠷᠣᠯᠴᠠᠪᠠ᠃ | |