︵ᠰᠤᠷᠪᠤᠯᠵᠢᠯᠠᠭᠴᠢ ᠯᠢᠦ ᠯᠢ ᠰᠢᠶᠠ︶ 9 ᠳ᠋ᠦ᠋ᠭᠡᠷ ᠰᠠᠷ᠎ᠠ ᠶᠢᠨ 11 ᠤ ᠡᠳᠦᠷ᠂ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠤᠬᠠᠭᠤᠯᠤᠨ ᠲᠠᠶᠢᠯᠪᠤᠷᠢᠯᠠᠬᠤ ᠪᠦᠯᠬᠦᠮ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠵᠥᠪᠯᠡᠯ ᠳᠤ ᠬᠦᠷᠴᠦ ᠤᠬᠠᠭᠤᠯᠤᠨ ᠲᠠᠶᠢᠯᠪᠤᠷᠢᠯᠠᠪᠠ᠃ ᠬᠤᠳᠠ ᠶᠢᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠮᠠ ᠶᠦᠨ ᠶᠦᠨ ᠨᠠᠮ ᠤᠨ ᠬᠤᠷᠢᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠦᠨᠳᠦᠰᠦᠨ ᠪᠠᠶᠢᠳᠠᠯ ᠤᠨ ᠲᠣᠭᠤᠷᠢᠨ ᠳᠤ᠂ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠶᠢᠯᠭᠠᠬᠤ᠂ ︽ᠲᠣᠭᠲᠠᠭᠠᠯ︾ ᠳᠤ | ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠣᠨᠣᠪᠴᠢᠲᠠᠢ ᠤᠶᠢᠯᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠲᠦᠷᠪᠡᠨ ᠲᠠᠯ᠎ᠠ ᠶᠢᠨ ᠠᠭᠤᠯᠭ᠎ᠠ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠠᠭᠤᠯᠭ᠎ᠠ ᠨᠢ ᠨᠠᠷᠢᠨ ᠪᠣᠳᠠᠲᠠᠶ᠂ ᠯᠣᠭᠢᠭ ᠨᠢ ᠲᠣᠳᠣᠷᠬᠠᠢ᠂ ᠠᠭᠤᠯᠤᠭᠳᠠᠬᠤᠨ ᠨᠢ | ᠭᠦᠨᠵᠡᠭᠡᠢ ᠪᠣᠯᠵᠠᠢ᠃ ᠤᠬᠠᠭᠤᠯᠤᠨ ᠲᠠᠶᠢᠯᠪᠤᠷᠢᠯᠠᠬᠤ ᠬᠤᠷᠠᠯ ᠤᠨ ᠲᠠᠷᠠᠭ᠎ᠠ᠂ ᠤᠯᠠᠨ ᠢᠶᠠᠷ ᠢᠶᠠᠨ᠂ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ | ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ | ᠥᠭᠡᠷᠡᠴᠢᠯᠡᠯᠲᠡ ᠶᠢᠨ ᠴᠢᠭᠯᠡᠯ ᠢ ᠪᠠᠲᠤ ᠡᠵᠡᠮᠳᠡᠵᠦ᠂ ᠤᠯᠤᠰ ᠤᠨ ᠥᠮᠴᠢᠯᠡᠯ ᠤᠨ ᠬᠦᠷᠦᠩᠬᠡ ᠪᠣᠯᠤᠨ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠭᠤᠣᠯᠯᠠᠬᠤ | ᠴᠢᠳᠠᠪᠬᠢ ᠶᠢ ᠴᠢᠩᠭᠠᠳᠬᠠᠬᠤ᠂ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ | ᠪᠣᠯᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠭᠡᠵᠦ ᠢᠯᠡᠳᠬᠡᠵᠡᠭᠡᠪᠡ᠃ |