︵ᠰᠤᠷᠪᠤᠯᠵᠢᠯᠠᠭᠴᠢ ᠯᠢᠦ ᠯᠢ ᠰᠢᠶᠠ︶ ᠢᠯᠴᠢ ᠬᠠᠩᠭᠠᠬᠤ ᠤᠯᠠᠷᠢᠯ ᠤᠳᠠᠯ ᠦᠭᠡᠢ ᠬᠦᠷᠴᠦ ᠢᠷᠡᠨ᠎ᠡ᠂ | ᠬᠥᠬᠡᠬᠤᠲᠠ ᠶᠢᠨ ᠬᠤᠲᠠ ᠶᠢᠨ ᠰᠢᠲᠠᠮᠠᠬᠠᠶ ᠬᠡᠢ ᠢᠯᠴᠢ ᠶᠢᠨ ᠬᠦᠴᠦᠨ ᠤ ᠪᠦᠯᠦᠭᠯᠡᠯ ᠢᠯᠴᠢ ᠬᠠᠩᠭᠠᠬᠤ | ᠬᠤᠭᠤᠴᠠᠭ᠎ᠠ ᠠᠴᠠ ᠡᠮᠦᠨ᠎ᠡ᠂ ᠳᠠᠬᠢᠨ 3.2 ᠲᠦᠮᠡᠨ ᠢᠵᠢ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ | ᠤᠭᠰᠠᠷᠠᠵᠤ᠂ ᠢᠯᠴᠢ ᠬᠠᠩᠭᠠᠬᠤ ᠦᠢᠯᠡᠴᠢᠯᠡᠭᠡ ᠶᠢ ᠨᠡᠩ ᠤᠶᠤᠨᠯᠢᠭ ᠪᠣᠯᠭᠠᠬᠤ ᠪᠠᠷ ᠲᠥᠯᠥᠪᠯᠡᠵᠦ ᠪᠠᠢᠨ᠎ᠠ᠃ 9 | ᠳ᠋ᠦ᠋ᠭᠡᠷ ᠰᠠᠷ᠎ᠠ ᠶᠢᠨ 2 ᠤᠨ ᠡᠳᠦᠷ᠂ ᠰᠤᠷᠪᠤᠯᠵᠢᠯᠠᠭᠴᠢ ᠰᠠᠶᠢᠬᠠᠨ ᠲᠣᠭᠤᠷᠢᠭ ᠤᠨ ᠰᠢᠨ ᠺᠠᠩ ᠴᠡᠴᠡᠷᠯᠢᠭ ᠤᠨ | ᠡᠮᠦᠨ᠎ᠡ ᠲᠣᠭᠤᠷᠢᠭ ᠲᠤ ᠬᠦᠷᠴᠦ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢᠨ ᠦᠢᠯᠡᠳᠪᠦᠷᠢ ᠶᠢᠨ | ᠢᠨᠵᠧᠨᠧᠷ ᠶᠠᠭ 16 ᠳ᠋ᠤᠭᠠᠷ ᠠᠰᠠᠷ ᠲᠤ ᠰᠠᠭᠤᠵᠤ ᠪᠠᠢᠭ᠎ᠠ ᠵᠠᠩ ᠠᠪᠤᠭᠠᠢ ᠶᠢᠨ ᠭᠡᠷ ᠲᠤ ᠭᠡᠷ ᠤᠨ ᠳᠤᠯᠠᠭᠠᠨ ᠢ | ᠴᠤᠭᠯᠠᠭᠤᠯᠬᠤ ᠲᠦᠬᠦᠭᠡᠷᠦᠮᠵᠢ ᠤᠭᠰᠠᠷᠠᠵᠤ ᠪᠠᠶᠢᠭ᠎ᠠ ᠶᠢ ᠰᠤᠷᠪᠤᠯᠵᠢᠯᠠᠪᠠ᠃ ᠢᠨᠵᠧᠨᠧᠷ ᠬᠡᠷᠡᠮ ᠳᠡᠭᠡᠷᠡᠬᠢ | ᠨᠡᠭᠡᠭᠡᠯᠭᠡ ᠶᠢᠨ ᠬᠠᠪᠲᠠᠰᠤ ᠶᠢ ᠪᠣᠯᠪᠠᠰᠤᠷᠠᠩᠭᠤᠶ ᠪᠠᠷ ᠵᠠᠳᠠᠯᠵᠤ ᠬᠠᠶᠠᠭᠠᠳ ᠨᠢᠭᠡᠨ ᠳᠡᠯᠭᠡᠴᠡ ᠲᠠᠢ ᠡᠯᠧᠺᠲᠷᠣᠨ | ᠲᠣᠨᠤᠭ ᠪᠠ ᠨᠢᠭᠤᠷ ᠬᠠᠪᠲᠠᠰᠤ ᠶᠢᠨ ᠳᠣᠲᠣᠭᠠᠳᠤ ᠶᠢᠨ ᠤᠲᠠᠰᠤ ᠶᠢ ᠵᠠᠯᠭᠠᠵᠤ᠂ ᠨᠡᠭᠡᠭᠡᠯᠭᠡ ᠶᠢᠨ ᠬᠠᠪᠲᠠᠰᠤ ᠳᠡᠭᠡᠷ᠎ᠡ | ᠰᠢᠭᠢᠳᠬᠡᠨ ᠤᠭᠰᠠᠷᠠᠵᠤ᠂ ᠪᠦᠬᠦ᠋ᠯᠡ ᠤᠭᠰᠠᠷᠠᠬᠤ ᠶᠠᠪᠤᠴᠠ ᠨᠢ 5 ᠮᠢᠨᠦ᠋ᠲ ᠠᠴᠠ ᠬᠡᠲᠦᠷᠡᠬᠦ ᠦᠭᠡᠢ ᠪᠥᠭᠡᠳ ᠪᠠᠰᠠ | ᠬᠡᠷᠡᠭᠯᠡᠭᠴᠢ ᠶᠢᠨ ᠭᠡᠷ ᠤᠨ ᠬᠡᠷᠡᠮ ᠳᠡᠭᠡᠷ᠎ᠡ ᠳᠠᠬᠢᠨ ᠨᠦᠬᠡ ᠴᠤᠭᠤᠯᠠᠬᠤ ᠬᠡᠷᠡᠭ ᠦᠭᠡᠢ᠃ ᠬᠥᠬᠡᠬᠤᠲᠠ ᠶᠢᠨ | ᠴᠧᠩ ᠹᠠ ᠢᠯᠴᠢ ᠬᠠᠩᠭᠠᠬᠤ ᠺᠣᠮᠫᠠᠨᠢ ᠶᠢᠨ ᠵᠢᠨᠴᠢᠶᠣᠣ ᠬᠤᠪᠢᠶᠠᠷᠢ ᠺᠣᠮᠫᠠᠨᠢ ᠶᠢᠨ ᠬᠡᠷᠡᠭᠯᠡᠭᠴᠢᠳ ᠤᠨ | ᠦᠢᠯᠡᠴᠢᠯᠡᠭᠡᠨ ᠤ ᠭᠠᠵᠠᠷ ᠤᠨ ᠳᠠᠷᠤᠭ᠎ᠠ ᠶᠦᠨ ᠶᠤᠸᠠᠢ ᠶᠢᠨ ᠲᠠᠨᠢᠯᠴᠠᠭᠤᠯᠤᠭᠰᠠᠨ ᠢᠶᠠᠷ᠂ ︽ᠵᠢᠯ ᠪᠦᠷᠢ ᠶᠢᠨ | ᠳᠤᠯᠠᠭᠠᠯᠠᠭ᠎ᠠ ᠶᠢᠨ ᠬᠤᠭᠤᠴᠠᠭᠠᠨ ᠳᠤ᠂ ᠭᠡᠷ ᠲᠣᠲᠣᠷᠠᠬᠢ ᠲᠣᠯᠠᠭᠠᠨ ᠤ ᠬᠡᠮᠵᠢᠶ᠎ᠡ ᠪᠣᠯ ᠴᠥᠮ ᠬᠡᠷᠡᠭᠯᠡᠭᠴᠢᠳ ᠤᠨ | ᠠᠩᠬᠠᠷᠤᠯ ᠤᠨ ᠲᠦᠪᠯᠡᠷᠡᠯ ᠪᠣᠯᠤᠨ᠎ᠠ᠃ ᠭᠡᠪᠡᠴᠦ ᠪᠣᠳᠠᠲᠠᠶ ᠳᠤᠯᠠᠭᠠᠨ ᠢ ᠬᠡᠮᠵᠢᠬᠦ ᠦᠶ᠎ᠡ ᠳᠤ᠂ ᠦᠷ᠎ᠡ ᠳ᠋ᠦᠩ ᠨᠢ | ᠴᠥᠮ ᠳᠤᠯᠠᠭᠠᠨ ᠤ ᠬᠡᠮᠵᠢᠯᠲᠡ ᠶᠢᠨ ᠣᠷᠣᠨ ᠪᠠᠶᠢᠷᠢ᠂ ᠳᠤᠯᠠᠭᠠᠨ ᠤ ᠬᠡᠮᠵᠢᠯᠲᠡ ᠶᠢᠨ ᠴᠠᠭ᠂ ᠳᠤᠯᠠᠭᠠᠨ ᠤ | ᠬᠡᠮᠵᠢᠯᠲᠡ ᠶᠢᠨ ᠪᠠᠭᠠᠵᠢ ᠬᠡᠷᠡᠭᠰᠡᠯ ᠵᠡᠷᠭᠡ ᠡᠯᠧᠮᠧᠨ᠋ᠲ ᠤᠨ ᠨᠥᠯᠥᠭᠡ ᠠᠴᠠ ᠪᠣᠯᠵᠤ᠂ ᠬᠡᠮᠵᠢᠯᠲᠡ ᠶᠢᠨ ᠦᠷ᠎ᠡ | ᠳ᠋ᠦᠩ ᠤᠨ ᠵᠥᠷᠢᠶ᠎ᠡ ᠨᠡᠯᠢᠶᠡᠳ ᠶᠡᠭᠡ ᠪᠠᠶᠢᠳᠠᠭ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠨᠢ ᠡᠨᠡ ᠬᠦ | ᠠᠰᠠᠭᠤᠳᠠᠯ ᠢ ᠮᠠᠰᠢ ᠰᠠᠶᠢᠨ ᠰᠢᠢᠳᠪᠦᠷᠢᠯᠡᠵᠦ ᠴᠢᠳᠠᠨ᠎ᠠ᠃ ᠲᠡᠭᠦᠨ ᠤ ᠭᠠᠳᠠᠷ ᠪᠠᠶᠢᠳᠠᠯ ᠨᠢ ᠡᠪᠯᠢᠭ᠂ ᠣᠷᠣᠨ ᠵᠠᠶ ᠶᠢ | ᠡᠵᠡᠯᠡᠬᠦ ᠥᠬᠡᠶ᠂ ᠲᠡᠭᠦᠨ ᠤ ᠳᠣᠲᠣᠷ᠎ᠠ ᠳᠤᠯᠠᠭᠠᠨ ᠤ ᠬᠡᠮᠵᠢᠶᠡᠨ ᠤ ᠰᠡᠷᠡᠭᠳᠡᠭᠦᠷ᠂ ᠬᠤᠪᠢᠷᠠᠭᠠᠭᠤᠷ ᠤᠭᠰᠠᠷᠠᠵᠤ᠂ | ᠬᠡᠷᠡᠭᠯᠡᠭᠴᠢ ᠶᠢᠨ ᠬᠡᠷ ᠤᠨ ᠳᠤᠯᠠᠭᠠᠨ ᠤ ᠬᠤᠪᠢᠷᠠᠯᠲᠠ ᠶᠢ ᠲᠡᠷᠡ ᠳᠠᠷᠤᠶ ᠳᠤᠨᠢ ᠪᠦᠯᠦᠭᠯᠡᠯ ᠤᠨ ᠣᠶᠤᠨᠴᠢ ᠢᠯᠴᠢ | ᠬᠠᠩᠭᠠᠬᠤ ᠲᠠᠪᠴᠠᠩ ᠳᠤ ᠳᠠᠮᠵᠢᠭᠤᠯᠤᠨ ᠭᠦᠷᠭᠡᠵᠦ᠂ ᠪᠢᠳᠡ ᠡᠲᠡᠭᠡᠷ ᠬᠠᠷᠢᠭᠤ ᠳᠠᠮᠵᠢᠭᠤᠯᠤᠭᠰᠠᠨ ᠲᠤᠭ᠎ᠠ | ᠪᠠᠷᠢᠮᠲᠠ ᠶᠢ ᠦᠨᠳᠦᠰᠦᠯᠡᠨ ᠴᠠᠭ ᠲᠤᠬᠠᠶ ᠳᠤᠨᠢ ᠬᠡᠷᠡᠭᠯᠡᠭᠴᠢ ᠶᠢᠨ ᠬᠡᠷ ᠤᠨ ᠢᠯᠴᠢ ᠬᠠᠩᠭᠠᠬᠤ ᠳᠤᠯᠠᠭᠠᠨ ᠤ | ᠬᠡᠮᠵᠢᠶ᠎ᠡ ᠶᠢ ᠣᠶᠢᠯᠠᠭᠠᠵᠤ᠂ ᠬᠡᠷ ᠤᠨ ᠳᠤᠯᠠᠭᠠᠨ ᠳᠣᠤᠷ᠎ᠠ ᠪᠠᠶᠢᠭ᠎ᠠ ᠬᠡᠷᠡᠭᠯᠡᠭᠴᠢ ᠳᠤ ᠴᠠᠭ ᠲᠤᠬᠠᠶ ᠳᠤᠨᠢ ᠬᠦᠷᠴᠦ | ᠦᠢᠯᠡᠴᠢᠯᠡᠭᠡ ᠬᠠᠩᠭᠠᠵᠤ᠂ ᠠᠰᠠᠭᠤᠳᠠᠯ ᠢ ᠰᠢᠢᠳᠪᠦᠷᠢᠯᠡᠵᠦ ᠪᠣᠯᠤᠨ᠎ᠠ︾᠃ ᠶᠦᠨ ᠶᠤᠸᠠᠢ | ᠰᠤᠷᠪᠤᠯᠵᠢᠯᠠᠭᠴᠢ ᠳᠤ ᠬᠡᠯᠡᠬᠦ ᠳᠡᠭᠡᠨ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢᠨ ᠣᠳᠣᠬᠠᠨ ᠤ | ᠤᠭᠰᠠᠷᠠᠬᠤ ᠬᠡᠪᠴᠢᠶ᠎ᠡ ᠨᠢ ᠭᠤᠤᠯᠳᠠᠭᠤ ᠢᠯᠴᠢ ᠬᠠᠩᠭᠠᠬᠤ ᠬᠤᠭᠤᠯᠠᠶ ᠶᠢᠨ ᠲᠣᠤᠷ ᠤᠨ ᠡᠮᠦᠨ᠎ᠡ ᠦᠵᠦᠭᠦᠷ᠂ | ᠳᠤᠮᠳᠠ ᠦᠵᠦᠭᠦᠷ᠂ ᠲᠡᠭᠦᠰᠭᠡᠯ ᠦᠵᠦᠭᠦᠷ ᠲᠤ ᠣᠷᠣᠰᠢᠵᠤ᠂ ᠰᠠᠭᠤᠭᠠᠯᠢ ᠠᠷᠠᠳ ᠤᠨ ᠲᠣᠭᠤᠷᠢᠭ ᠲᠤ ᠪᠠᠰᠠ | ᠳᠣᠤᠷᠠᠳᠤ ᠳᠠᠪᠬᠤᠷᠭ᠎ᠠ᠂ ᠳᠤᠮᠳᠠ ᠳᠠᠪᠬᠤᠷᠭ᠎ᠠ᠂ ᠤᠷᠤᠢ ᠶᠢᠨ ᠳᠠᠪᠬᠤᠷᠭ᠎ᠠ᠂ ᠬᠠᠵᠠᠭᠤ ᠡᠷᠦᠬᠡ ᠶᠢᠨ ᠨᠡᠯᠢᠶᠡᠳ | ᠲᠥᠯᠥᠭᠡᠯᠡᠬᠦ ᠴᠢᠨᠠᠷᠲᠠᠶ ᠥᠮᠴᠢᠲᠡᠨ ᠤ ᠭᠡᠷ ᠲᠤ ᠤᠭᠰᠠᠷᠠᠵᠤ ᠪᠠᠶᠢᠨ᠎ᠠ᠃ ᠴᠤᠭᠯᠠᠭᠤᠯᠬᠤ ᠲᠦᠬᠦᠭᠡᠷᠦᠮᠵᠢ ᠪᠦᠷᠢ | ᠨᠢᠭᠡ ᠲᠤᠰᠬᠠᠢ ᠬᠤᠶᠠᠷ ᠬᠡᠮᠵᠢᠯᠲᠦ ᠺᠣᠳ᠋ ᠲᠠᠢ᠂ ᠬᠡᠷᠡᠭᠯᠡᠭᠴᠢ ᠶᠢᠨ ᠲᠠᠢ ᠬᠤᠯᠪᠤᠵᠤ᠂ ᠨᠢᠭᠡ ᠲᠦᠬᠦᠭᠡᠷᠦᠮᠵᠢ ᠨᠢᠭᠡ | ᠡᠷᠦᠬᠡ ᠨᠢᠭᠡ ᠺᠣᠳ᠋ ᠲᠠᠢ᠃ ᠠᠵᠢᠯ ᠳᠠᠭᠤᠰᠤᠭᠰᠠᠨ ᠤ ᠳᠠᠷᠠᠭ᠎ᠠ᠂ ᠠᠵᠢᠯᠲᠠᠳ ᠬᠤᠶᠠᠷ ᠬᠡᠮᠵᠢᠯᠳᠦ ᠺᠣᠳ᠋ ᠢ | ᠰᠢᠷᠪᠢᠬᠦ ᠪᠠᠷ ᠳᠠᠮᠵᠢᠭᠤᠯᠤᠨ᠂ ᠡᠷᠦᠬᠡ ᠪᠦᠷᠢ ᠶᠢᠨ ᠮᠡᠳᠡᠭᠡ ᠵᠠᠩᠭᠢ ᠶᠢ ᠪᠦᠯᠦᠭᠯᠡᠯ ᠤᠨ ᠤᠶᠤᠨᠲᠤ ᠢᠯᠴᠢ ᠬᠠᠩᠭᠠᠬᠤ | ᠰᠢᠰᠲ᠋ᠧᠮ ᠤᠨ ᠠᠷᠤ ᠲᠠᠪᠴᠠᠩ ᠳᠤ ᠳᠠᠮᠵᠢᠭᠤᠯᠵᠤ᠂ ᠺᠣᠮᠫᠠᠨᠢ ᠠᠴᠠ ᠭᠡᠷ ᠤᠨ ᠳᠤᠯᠠᠭᠠᠨ ᠢ ᠴᠤᠭᠯᠠᠭᠤᠯᠬᠤ | ᠲᠦᠬᠦᠭᠡᠷᠦᠮᠵᠢ ᠶᠢᠨ ᠠᠷᠤ ᠲᠠᠪᠴᠠᠩ ᠳᠤ ᠬᠠᠷᠢᠭᠤ ᠳᠠᠮᠵᠢᠭᠤᠯᠤᠭᠰᠠᠨ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠵᠤ | ᠰᠤᠳᠤᠯᠤᠨ ᠮᠠᠭᠠᠳᠯᠠᠵᠤ᠂ ᠨᠢᠭᠡ ᠠᠰᠠᠷ᠂ ᠨᠢᠭᠡ ᠰᠠᠭᠤᠭᠠᠯᠢ ᠠᠷᠠᠳ ᠤᠨ ᠲᠣᠭᠤᠷᠢᠭ ᠤᠨ ᠢᠯᠴᠢ ᠬᠠᠩᠭᠠᠵᠤ | ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠴᠠᠭ ᠲᠤᠨᠢ ᠲᠤᠬᠢᠷᠠᠭᠤᠯᠤᠯᠲᠠ ᠬᠢᠬᠦ ᠪᠠᠷ ᠳᠠᠮᠵᠢᠭᠤᠯᠤᠨ | ᠢᠯᠴᠢ ᠬᠡᠷᠡᠭᠯᠡᠬᠦ ᠡᠷᠦᠬᠡ ᠶᠢᠨ ᠬᠡᠷ ᠤᠨ ᠳᠤᠯᠠᠭᠠᠨ ᠤ ᠬᠡᠮᠵᠢᠶ᠎ᠡ ᠶᠢ ᠦᠨᠡᠨᠬᠦ ᠪᠠᠲᠤᠯᠠᠨ᠎ᠠ ᠭᠡᠪᠡ᠃ | ᠣᠶᠢᠯᠠᠭᠠᠭᠰᠠᠨ ᠢᠶᠠᠷ᠂ ᠭᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢ ᠤᠭᠰᠠᠷᠠᠬᠤ ᠪᠣᠯ ᠬᠥᠬᠡᠬᠤᠲᠠ ᠶᠢᠨ | ᠬᠤᠲᠠ ᠶᠢᠨ ᠰᠢᠲᠠᠮᠠᠬᠠᠶ ᠬᠡᠢ ᠢᠯᠴᠢ ᠶᠢᠨ ᠬᠦᠴᠦᠨ ᠤ ᠪᠦᠯᠦᠭᠯᠡᠯ ᠤᠨ ᠤᠶᠤᠨᠲᠤ ᠢᠯᠴᠢ ᠬᠠᠩᠭᠠᠬᠤ ᠶᠢ | ᠶᠡᠷᠦᠩᠬᠡᠶᠢᠯᠡᠨ ᠬᠠᠮᠢᠶᠠᠷᠤᠨ ᠡᠵᠡᠮᠳᠡᠬᠦ ᠲᠠᠪᠴᠠᠩ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ | 2023 ᠣᠨ ᠤ ᠡᠴᠦᠰ ᠪᠣᠯᠲᠠᠯ᠎ᠠ᠂ ᠪᠦᠯᠦᠭᠯᠡᠯ ᠤᠨ ᠢᠯᠴᠢ ᠬᠠᠩᠭᠠᠬᠤ ᠬᠡᠪᠴᠢᠶᠡᠨ ᠳᠤ ᠨᠢᠭᠡᠨᠲᠡ 6000 ᠢᠵᠢ | ᠬᠡᠷ ᠤᠨ ᠳᠤᠯᠠᠭᠠᠨ ᠢ ᠴᠤᠭᠯᠠᠭᠤᠯᠬᠤ ᠲᠦᠬᠦᠭᠡᠷᠦᠮᠵᠢ ᠶᠢ ᠤᠭᠰᠠᠷᠠᠵᠤ᠂ ᠡᠨᠡ ᠵᠢᠯ ᠤᠨ ᠢᠯᠴᠢ ᠬᠠᠩᠭᠠᠬᠤ | ᠬᠤᠭᠤᠴᠠᠭ᠎ᠠ ᠠᠴᠠ ᠡᠮᠦᠨ᠎ᠡ᠂ ᠪᠦᠯᠦᠭᠯᠡᠯ ᠤᠨ ᠢᠯᠴᠢ ᠬᠠᠩᠭᠠᠬᠤ ᠬᠡᠪᠴᠢᠶᠡᠨ ᠳᠣᠲᠣᠷ᠎ᠠ ᠤᠭᠰᠠᠷᠠᠭᠰᠠᠨ ᠲᠤᠭ᠎ᠠ | ᠬᠡᠮᠵᠢᠶ᠎ᠡ 3.8 ᠲᠦᠮᠡᠨ ᠢᠵᠢ ᠬᠦᠷᠴᠦ᠂ ᠢᠯᠴᠢ ᠬᠠᠩᠭᠠᠬᠤ ᠣᠷᠣᠨ ᠪᠦᠰᠡ ᠳᠤ ᠨᠠᠭᠠᠳᠤ ᠵᠠᠬ᠎ᠠ ᠳᠠᠭᠠᠨ | 5% ᠶᠢᠨ ᠢᠯᠴᠢ ᠬᠡᠷᠡᠭᠯᠡᠬᠦ ᠡᠷᠦᠬᠡ ᠶᠢᠨ ᠬᠡᠷ ᠤᠨ ᠳᠤᠯᠠᠭᠠᠨ ᠢ ᠬᠢᠨᠠᠨ ᠬᠡᠮᠵᠢᠬᠦ ᠨᠣᠷᠮ᠎ᠠ ᠳᠤ ᠬᠦᠷᠬᠦ ᠪᠣᠯᠤᠨ᠎ᠠ᠃ | ᠣᠳᠣᠬᠠᠨ ᠳᠤ᠂ ᠪᠦᠯᠦᠭᠯᠡᠯ ᠤᠨ ᠬᠢᠨ ᠶᠠᠭ ᠬᠤᠶᠠᠳᠤᠭᠠᠷ ᠪᠦᠯᠦᠭ ᠤᠨ ᠬᠡᠷ ᠤᠨ ᠳᠤᠯᠠᠭᠠᠨ ᠢ ᠴᠤᠭᠯᠠᠭᠤᠯᠬᠤ | ᠲᠦᠬᠦᠭᠡᠷᠦᠮᠵᠢ ᠵᠢᠨᠲ᠋ᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠠᠵᠢᠯ ᠢ ᠵᠣᠬᠢᠶᠠᠨ ᠪᠠᠶᠢᠭᠤᠯᠵᠤ᠂ 2024— | 2025 ᠳᠤᠯᠠᠭᠠᠯᠠᠭ᠎ᠠ ᠶᠢᠨ ᠬᠤᠭᠤᠴᠠᠭᠠᠨ ᠳᠤ᠂ ᠪᠦᠯᠦᠭᠯᠡᠯ ᠤᠨ ᠢᠯᠴᠢ ᠬᠠᠩᠭᠠᠬᠤ ᠣᠷᠣᠨ ᠪᠦᠰᠡ ᠶᠢᠨ 8% | ᠢᠯᠴᠢ ᠬᠠᠩᠭᠠᠬᠤ ᠬᠡᠷᠡᠭᠯᠡᠭᠴᠢ ᠶᠢᠨ ᠬᠡᠷ ᠤᠨ ᠳᠤᠯᠠᠭᠠᠨ ᠤ ᠬᠢᠨᠠᠨ ᠬᠡᠮᠵᠢᠯᠲᠡ ᠶᠢᠨ ᠨᠣᠷᠮ᠎ᠠ ᠳᠤ ᠬᠦᠷᠭᠡᠬᠦ ᠪᠠᠷ | ᠲᠥᠯᠥᠪᠯᠡᠵᠦ ᠪᠣᠶ᠃ |