︵ᠰᠤᠷᠪᠤᠯᠵᠢᠯᠠᠭᠴᠢ ᠯᠢᠦᠢ ᠬᠤᠢ ᠱᠧᠩ︶ 2024 ᠣᠨ ᠤ 9 ᠳ᠋ᠦ᠋ᠭᠡᠷ ᠰᠠᠷ᠎ᠠ ᠪᠣᠯ ᠬᠥᠬᠡᠬᠤᠲᠠ ᠶᠢᠨ 41 | ᠳᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠣᠯᠤᠨ᠎ᠠ᠃ 9 ᠳ᠋ᠦ᠋ᠭᠡᠷ ᠰᠠᠷ᠎ᠠ ᠶᠢᠨ | 2 ᠤᠨ ᠡᠳᠦᠷ᠂ ᠬᠥᠬᠡᠬᠤᠲᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠢ ᠴᠣᠭᠴᠠᠯᠠᠬᠤ︾ ᠪᠠᠷ ᠭᠤᠤᠯ | ᠰᠡᠳᠦᠪ ᠪᠣᠯᠭᠠᠵᠤ᠂ ᠢᠦᠶ ᠴᠢᠤᠸᠠᠨ ᠲᠣᠭᠤᠷᠢᠭ ᠲᠤ ᠬᠥᠬᠡᠬᠤᠲᠠ ᠶᠢᠨ 41 ᠳᠠᠬᠢ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠵᠢᠴᠢ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢ ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠯᠠᠨ ᠠᠷᠪᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠭᠤᠶᠢᠳᠠ | ᠰᠠᠶᠢᠬᠠᠨ ᠲᠤᠭᠯᠠᠯᠲᠠ ᠭᠠᠷᠭᠠᠨ᠂ ᠦᠨᠳᠦᠰᠦᠲᠡᠨ ᠤ ᠠᠵᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ | ᠤᠬᠠᠭᠤᠯᠬᠤ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠲᠥᠷᠥᠯ ᠵᠦᠢᠯ ᠢ ᠪᠡᠶᠡᠴᠢᠯᠡᠨ ᠣᠶᠢᠯᠠᠭᠠᠬᠤ | ᠂ ᠠᠷᠠᠳ ᠲᠤ ᠠᠰᠢᠭ ᠬᠦᠷᠲᠡᠭᠡᠬᠦ ᠨᠡᠶᠢᠲᠡ ᠶᠢᠨ ᠮᠠᠰᠢᠨ ᠲᠡᠷᠭᠡᠨ ᠤ ᠺᠠᠷᠲ ᠲᠠᠷᠬᠠᠭᠠᠬᠤ ᠪᠠ ᠱᠠᠩᠨᠠᠯ ᠲᠠᠢ | ᠥᠷᠢᠰᠥᠯᠳᠦᠨ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠲᠠᠢ ᠣᠶᠢᠷᠠᠲᠤᠭᠰᠠᠨ᠂ | ᠲᠥᠬᠦᠮ ᠣᠶᠢᠯᠠᠭᠠᠮᠵᠢᠲᠠᠶ᠂ ᠨᠠᠩ ᠨᠥᠯᠥᠭᠡᠯᠡᠬᠦ ᠬᠦᠴᠦᠨ ᠲᠠᠢ ᠬᠡᠯᠪᠡᠷᠢ ᠪᠠᠷ ︽ᠵᠢᠷᠭᠤᠭᠠᠨ ᠦᠭᠦᠯᠡᠪᠦᠷᠢ ᠶᠢᠨ | ᠪᠣᠳᠠᠲᠤ ᠬᠡᠷᠡᠭ ᠪᠠ ᠶᠣᠰᠣ ᠤᠴᠢᠷ︾ ᠢ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ | ᠭᠤᠤᠯ ᠰᠡᠳᠦᠪ ᠨᠢ ᠢᠯᠡ ᠲᠣᠳᠣ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠳᠤᠮᠳᠠ ᠤᠬᠠᠮᠰᠠᠷ ᠠᠴᠠ ᠪᠠᠨ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠦᠢᠯᠡᠳᠦᠯᠭᠡᠵᠢᠭᠦᠯᠦᠭᠴᠢ ᠪᠠ ᠬᠠᠮᠠᠭᠠᠯᠠᠭᠴᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠪᠡ᠃ ᠲᠣᠰ ᠤᠳᠠᠭᠠᠨ ᠤ | ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ | ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠭᠤᠤᠯᠯᠠᠨ ᠡᠷᠭᠢᠯᠡᠵᠦ᠂ | ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠪᠦᠯᠦᠭᠯᠡᠯ ᠬᠠᠮᠵᠢᠯᠴᠠᠨ ᠡᠷᠭᠢᠯᠡᠵᠦ᠂ ᠨᠡᠶᠢᠲᠡ 1.2 ᠲᠦᠮᠡ ᠭᠠᠷᠤᠶ ᠬᠥᠮᠦᠨ ᠲᠤᠬᠠᠶ ᠶᠢᠨ | ᠲᠠᠯᠠᠪᠤᠷ ᠤᠨ ᠠᠵᠢᠯᠯᠠᠭ᠎ᠠ ᠳᠤ ᠣᠷᠣᠯᠴᠠᠵᠠᠶ᠃ ᠠᠵᠢᠯᠯᠠᠭ᠎ᠠ ᠶᠢᠨ ᠰᠠᠷ᠎ᠠ ᠶᠢᠨ ᠬᠤᠭᠤᠴᠠᠭᠠᠨ ᠳᠤ᠂ ᠬᠥᠬᠡᠬᠤᠲᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠣᠯᠭᠠᠵᠤ᠂ ᠠᠭᠤᠯᠭ᠎ᠠ ᠪᠠᠷ ᠪᠠᠶᠠᠯᠢᠭ᠂ ᠬᠡᠯᠪᠡᠷᠢ ᠪᠠᠷ ᠤᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ | ᠬᠥᠮᠦᠵᠢᠯ ᠤᠨ ᠠᠵᠢᠯᠯᠠᠭ᠎ᠠ ᠶᠢ ᠬᠦᠷᠢᠶ᠎ᠡ ᠴᠠᠷᠠᠭ᠎ᠠ ᠬᠤᠪᠢᠶᠠᠨ᠂ ᠤᠨᠢᠨ ᠳᠡᠭᠡᠷ᠎ᠡ ᠨᠢ ᠥᠷᠨᠢᠭᠦᠯᠵᠦ᠂ ᠪᠦᠬᠦ | ᠬᠤᠳᠠ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠲᠠᠶᠢᠴᠢᠯᠠᠨ ᠢᠳᠡᠪᠬᠢᠲᠡᠢ ᠣᠷᠣᠯᠴᠠᠭᠤᠯᠵᠤ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠣᠷᠣᠨ ᠤ | ᠲᠥᠪ ᠬᠤᠲᠠ ᠶᠢᠨ ᠬᠦᠴᠦᠨ ᠴᠢᠳᠠᠯ ᠢ ᠨᠡᠮᠡᠷᠢᠯᠡᠨ᠎ᠡ᠃ |