︵ᠰᠤᠷᠪᠤᠯᠵᠢᠯᠠᠭᠴᠢ ᠴᠢ ᠰᠢᠶᠣᠣ ᠶᠠᠨ︶ 9 ᠳ᠋ᠦ᠋ᠭᠡᠷ ᠰᠠᠷ᠎ᠠ ᠶᠢᠨ 3 ᠤ ᠡᠳᠦᠷ᠂ ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠢᠯᠢ | ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ᠂ | ᠲᠦᠮᠡᠳ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠵᠢᠯᠴᠠᠨ | ᠡᠷᠭᠢᠯᠡᠭᠰᠡᠨ ᠬᠥᠬᠡᠬᠤᠲᠠ ᠶᠢᠨ 2024 ᠣᠨ ᠤ ᠪᠥᠬᠦ ᠤᠯᠤᠰ ᠤᠨ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ | ᠡᠬᠢᠯᠡᠵᠦ᠂ ᠡᠨᠡ ᠨᠢ ᠬᠥᠬᠡᠬᠤᠲᠠ ᠶᠢᠨ ᠪᠥᠬᠦ ᠤᠯᠤᠰ ᠤᠨ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠵᠢᠩᠬᠢᠨᠢ ᠪᠠᠷ | ᠡᠬᠢᠯᠡᠭᠰᠡᠨ ᠢ ᠬᠠᠷᠠᠭᠤᠯᠵᠤ ᠪᠠᠶᠢᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠤ ᠠᠬᠤᠶᠢᠯᠠᠯ ᠤᠨ | ᠲᠥᠯᠥᠭᠡᠯᠡᠭᠴᠢ ᠠᠴᠠ ᠲᠤᠷᠰᠢᠯᠭ᠎ᠠ ᠪᠠᠨ ᠬᠤᠪᠢᠶᠠᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠶᠠᠰᠤ ᠴᠢᠨᠠᠷ ᠤᠨ ᠨᠡᠶᠢᠭᠡᠮᠯᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ | ᠨᠡᠶᠢᠲᠡᠯᠡᠵᠦ᠂ ᠲᠤᠬᠠᠶ ᠶᠢᠨ ᠲᠠᠯᠠᠪᠠᠶ ᠳᠤ ᠪᠠᠰᠠ ᠤᠬᠠᠭᠤᠯᠭ᠎ᠠ᠂ ᠯᠠᠪᠯᠠᠭ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ | ᠥᠷᠨᠢᠭᠦᠯᠪᠡ᠃ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠶᠠᠰᠤ ᠴᠢᠨᠠᠷ ᠤᠨ ᠰᠠᠷ᠎ᠠ ᠶᠢᠨ | ᠠᠵᠢᠯᠯᠠᠭ᠎ᠠ ᠶᠢᠨ ᠭᠤᠣᠯ ᠰᠡᠳᠦᠪ ᠪᠣᠯ ︽ᠶᠠᠰᠤ ᠴᠢᠨᠠᠷ ᠤᠨ ᠲᠤᠯᠭᠠᠭᠤᠷᠢᠯᠠᠯ ᠢ ᠴᠢᠩᠭᠠᠳᠬᠠᠵᠤ ᠶᠠᠰᠤ ᠴᠢᠨᠠᠷ ᠤᠨ | ᠬᠦᠴᠦᠷᠬᠡᠭ ᠤᠯᠤᠰ ᠢ ᠬᠠᠮᠲᠤ ᠪᠠᠷ ᠪᠦᠲᠦᠭᠡᠨ ᠪᠠᠶᠢᠭᠤᠯᠬᠤ︾ ᠪᠣᠯᠤᠨ᠎ᠠ᠃ ᠬᠥᠬᠡᠬᠤᠲᠠ ᠶᠠᠰᠤ ᠴᠢᠨᠠᠷ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠰᠤ ᠴᠢᠨᠠᠷ ᠤᠨ ᠳᠡᠭᠡᠭᠰᠢᠯᠡᠯᠲᠡ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠭᠰᠠᠭᠠᠷ ᠢᠷᠡᠵᠠᠢ᠃ ᠣᠶᠢᠷ᠎ᠠ ᠶᠢᠨ ᠵᠢᠯ ᠤᠳ ᠲᠤ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ | ᠪᠥᠬᠦ ᠬᠤᠲᠠ ᠶᠢᠨ ᠳᠡᠭᠡᠳᠦ ᠳᠣᠤᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ᠂ ᠪᠥᠬᠦ ᠬᠤᠲᠠ ᠶᠢᠨ ᠶᠠᠰᠤ | ᠴᠢᠨᠠᠷ ᠤᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠢᠯᠡᠳᠬᠦᠨ ᠤ ᠶᠠᠰᠤ ᠴᠢᠨᠠᠷ᠂ ᠪᠠᠷᠢᠯᠭ᠎ᠠ ᠶᠢᠨ ᠶᠠᠰᠤ | ᠴᠢᠨᠠᠷ᠂ ᠦᠢᠯᠡᠴᠢᠯᠡᠭᠡᠨ ᠤ ᠶᠠᠰᠤ ᠴᠢᠨᠠᠷ ᠲᠠᠰᠤᠷᠠᠯᠲᠠ ᠥᠬᠡᠶ ᠳᠡᠭᠡᠭᠰᠢᠯᠡᠨ᠂ ᠶᠠᠰᠤ ᠴᠢᠨᠠᠷ ᠤᠨ ᠰᠠᠭᠤᠷᠢ | ᠲᠥᠬᠦᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ | ᠲᠠᠰᠤᠷᠠᠯᠲᠠ ᠥᠬᠡᠶ ᠪᠦᠷᠢᠨᠰᠢᠵᠦ᠂ ᠶᠠᠰᠤ ᠴᠢᠨᠠᠷ ᠤᠨ ᠬᠥᠭᠵᠢᠯᠲᠡ ᠶᠢᠨ ᠬᠢᠷᠢ ᠲᠦᠪᠰᠢᠨ ᠲᠣᠭᠲᠠᠭᠤᠨ ᠢᠶᠠᠷ | ᠳᠡᠭᠡᠭᠰᠢᠯᠡᠪᠡ᠃ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ | ᠤᠳᠠᠭᠠᠨ ᠤ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠶᠠᠰᠤ ᠴᠢᠨᠠᠷ ᠤᠨ | ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠪᠠ | ᠦᠢᠯᠡᠴᠢᠯᠡᠭᠡ ᠪᠠᠨ ᠴᠢᠩᠭᠠᠷᠠᠭᠤᠯᠵᠤ᠂ ᠶᠠᠰᠤ ᠴᠢᠨᠠᠷ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠤᠨ᠎ᠠ᠃ ᠡᠭᠦᠨ ᠤ ᠬᠠᠮᠲᠤ ᠪᠥᠬᠦ ᠬᠤᠲᠠ ᠶᠢᠨ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠥᠷᠭᠡᠨ ᠣᠯᠠᠨ | ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠢ ᠶᠠᠰᠤ ᠴᠢᠨᠠᠷ ᠤᠨ ᠰᠠᠷ᠎ᠠ ᠶᠢᠨ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠶᠠᠰᠤ ᠴᠢᠨᠠᠷ ᠢ ᠬᠠᠮᠲᠤ ᠪᠠᠷ ᠠᠩᠬᠠᠷᠴᠤ᠂ ᠶᠠᠰᠤ ᠴᠢᠨᠠᠷ ᠢ ᠴᠢᠬᠤᠯᠠᠴᠢᠯᠠᠨ᠂ ᠶᠠᠰᠤ | ᠴᠢᠨᠠᠷ ᠢ ᠳᠡᠭᠡᠭᠰᠢᠯᠡᠭᠦᠯᠵᠦ᠂ ᠶᠠᠰᠤ ᠴᠢᠨᠠᠷ ᠤᠨ ᠲᠤᠯᠭᠠᠭᠤᠷᠢᠯᠠᠯ ᠢ ᠴᠢᠩᠭᠠᠳᠬᠠᠬᠤ᠂ ᠶᠠᠰᠤ ᠴᠢᠨᠠᠷ ᠤᠨ ᠬᠦᠴᠦᠷᠬᠡᠭ | ᠤᠯᠤᠰ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠣᠷᠣᠨ ᠤ ᠲᠥᠪ ᠬᠤᠲᠠ ᠶᠢᠨ ᠬᠦᠴᠦᠨ ᠴᠢᠳᠠᠯ ᠢᠶᠠᠨ | ᠡᠷᠭᠦᠬᠦ ᠶᠢ ᠤᠷᠢᠶᠠᠯᠠᠵᠤ ᠪᠠᠶᠢᠨ᠎ᠠ᠃ |