ᠪᠣᠣ ᠭᠠᠩ ᠬᠤᠷᠠᠯ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠤ | ᠴᠧᠩ ᠤᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠱᠠᠭᠠᠷᠳᠠᠯᠭ᠎ᠠ ᠶᠢ | ᠤᠯᠠᠮᠵᠢᠯᠠᠵᠤ᠂ ᠮᠠᠨ ᠤ ᠬᠤᠲᠠ ᠶᠢᠨ ᠬᠤᠶᠠᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ | ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ | 2025 ᠣᠨ ᠤ ᠰᠢᠨ᠎ᠡ ᠵᠢᠯ ᠤᠨ ᠪᠠᠶᠠᠷ ᠤᠨ ᠦᠭᠡ ᠵᠢᠴᠢ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ | ᠱᠦᠵᠢ ᠰᠢ ᠶᠢᠨ ᠫᠢᠩ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ | ᠠᠬᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠭᠦᠨᠵᠡᠭᠡᠢ ᠰᠤᠷᠤᠯᠴᠠᠵᠤ᠂ ᠣᠷᠣᠨ ᠤ ᠲᠥᠪ ᠬᠤᠲᠠ ᠶᠢᠨ | ᠪᠣᠳᠠᠲᠠᠢ ᠲᠠᠢ ᠤᠶᠠᠯᠳᠤᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠬᠥᠭᠵᠢᠯᠲᠡ ᠶᠢᠨ ᠬᠠᠷᠠᠯᠲᠠ ᠪᠠᠨ ᠲᠣᠭᠲᠠᠭᠠᠵᠤ᠂ ᠠᠵᠢᠯᠯᠠᠬᠤ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠬᠤᠳᠠ ᠶᠢᠨ ᠡᠯ᠎ᠡ | ᠵᠦᠢᠯ ᠤᠨ ᠠᠵᠢᠯ ᠤᠨ ᠲᠡᠷᠢᠭᠦᠨ ᠡᠩᠨᠡᠭᠡᠨ ᠳᠤ ᠣᠷᠣᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠷᠤᠨ ᠤ ᠲᠥᠪ ᠬᠤᠲᠠ ᠶᠢᠨ ᠬᠤᠪᠢ | ᠨᠡᠮᠡᠷᠢ ᠶᠢ ᠦᠵᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠰᠦᠨ ᠱᠤᠤ ᠴᠧᠩ ᠱᠦᠵᠢ ᠶᠢᠨ ᠮᠠᠨ ᠤ ᠬᠤᠳᠠ ᠳᠤ ᠪᠠᠶᠢᠴᠠᠭᠠᠨ | ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ | ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠰᠠᠶᠢᠲᠤᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠲᠣᠭᠲᠠᠭᠠᠭᠰᠠᠨ ︽ᠨᠢᠭᠡ ᠭᠤᠣᠯ ᠰᠢᠵᠢᠮ︾ ᠢ ᠲᠤᠭᠤᠰᠢᠯᠠᠭᠤᠯᠬᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ | ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ | ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠣᠷᠣᠨ ᠤ ᠲᠥᠪ | ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ᠃ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ | ᠵᠢᠷᠭᠤᠭᠠᠨ ᠠᠵᠢᠯᠯᠠᠭ᠎ᠠ︾ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ ᠤᠨ ᠬᠠᠮᠲᠤᠷᠠᠯ ᠬᠦᠴᠦᠨ ᠢ | ᠦᠨᠡᠨ ᠬᠦ ᠪᠦᠷᠢᠯᠳᠦᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠢᠷᠤᠮᠯᠠᠵᠤ᠂ ᠵᠠᠬ᠎ᠠ | ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠢᠯᠡᠭᠦᠬᠡᠨ ᠲᠦᠰᠢᠭᠯᠡᠵᠦ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ | ᠵᠠᠰᠠᠯᠲᠠ ᠪᠠ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠲᠦᠷᠭᠡᠨ ᠪᠦᠷᠢᠯᠳᠦᠭᠦᠯᠬᠦ ᠶᠢᠨ ᠲᠣᠭᠤᠷᠢᠨ ᠳᠤ᠂ ᠪᠣᠬᠢᠷᠲᠤᠯ ᠦᠭᠡᠢ | ᠪᠤᠳᠤᠯᠭ᠎ᠠ ᠶᠢᠨ ᠬᠦᠴᠦᠨ ᠵᠡᠷᠭᠡ ᠰᠢᠨ᠎ᠡ ᠪᠠᠷ ᠭᠦᠭᠵᠢᠭᠰᠡᠨ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠪᠡᠭᠡᠵᠢᠩ ᠤᠨ | ᠲᠤᠭ᠎ᠠ ᠶᠢ ᠥᠪᠥᠷ ᠮᠣᠩᠭᠤᠯ ᠳᠤ ᠪᠤᠳᠤᠬᠤ ᠶᠢ ᠶᠡᠭᠡ ᠪᠠᠷ ᠠᠬᠢᠭᠤᠯᠵᠤ᠂ ᠲᠠᠭᠠᠭᠤᠯᠬᠤ ᠴᠢᠨᠠᠷᠲᠠᠶ᠂ ᠳᠠᠶᠢᠴᠢᠯᠠᠬᠤ | ᠴᠢᠨᠠᠷ ᠢᠶᠠᠷ ᠴᠢᠩᠭ᠎ᠠ ᠲᠣᠮᠣ ᠲᠥᠷᠥᠯ ᠵᠦᠢᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠡᠶᠢᠯᠡᠯᠳᠦᠬᠦ | ᠬᠡᠮᠵᠢᠶ᠎ᠡ ᠶᠢ ᠨᠡᠮᠡᠭᠳᠡᠭᠦᠯᠵᠦ᠂ ᠪᠤᠳᠤᠯᠭ᠎ᠠ ᠶᠢᠨ ᠬᠦᠴᠦᠨ ᠤ ᠠᠵᠤ ᠦᠢᠯᠡᠰ ᠤᠨ ᠠᠵᠤ ᠠᠬᠤᠶ ᠶᠢᠨ ᠨᠡᠮᠡᠭᠳᠡᠯ᠂ | ᠡᠳ᠋ ᠤᠨ ᠵᠠᠰᠠᠭ ᠤᠨ ᠣᠷᠣᠯᠭ᠎ᠠ ᠪᠠ ᠣᠯᠠᠨ ᠲᠦᠮᠡᠨ ᠤ ᠠᠵᠢᠯ ᠣᠯᠭᠤᠯᠲᠠ ᠳᠤ ᠦᠵᠡᠭᠦᠯᠬᠦ ᠬᠤᠪᠢ ᠨᠡᠮᠡᠷᠢ ᠶᠢ | ᠳᠡᠭᠡᠭᠰᠢᠯᠡᠭᠦᠯᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠣᠲᠣ ᠶᠢᠨ ᠬᠠᠮᠢᠶᠠᠷᠤᠯᠲᠠ ᠶᠢᠨ ᠵᠠᠭᠪᠤᠷ ᠢ ᠪᠠᠷᠢᠮᠲᠠᠯᠠᠨ | ᠲᠡᠭᠦᠯᠳᠡᠷᠵᠢᠭᠦᠯᠵᠦ᠂ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠴᠢᠷᠮᠠᠶᠢᠨ ᠤᠯᠵᠤ ᠰᠠᠶᠢᠲᠤᠷ ᠬᠡᠷᠡᠭᠯᠡᠨ᠂ | ᠬᠦᠷᠢᠶᠡᠯᠡᠩ ᠲᠣᠭᠤᠷᠢᠭ ᠤᠨ ᠡᠷᠴᠢᠮᠵᠢᠭᠦᠯᠦᠨ ᠬᠥᠭᠵᠢᠭᠦᠯᠬᠦ ᠶᠢ ᠠᠬᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠮᠥ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ᠂ ᠮᠥ ᠪᠦᠷᠢ ᠶᠢᠨ ᠳᠤᠮᠳᠠᠴᠢ ᠭᠠᠶᠢᠯᠢ ᠲᠠᠲᠠᠪᠤᠷᠢ ᠶᠢ | ᠳᠡᠭᠡᠭᠰᠢᠯᠡᠭᠦᠯᠬᠦ ᠬᠡᠷᠡᠭᠲᠡᠶ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠤ | ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠶᠤᠨ ᠰᠠᠨᠠᠭᠠᠨ ᠤ ᠬᠦᠴᠦᠨ ᠢ ᠲᠠᠰᠤᠷᠠᠯᠲᠠ | ᠦᠭᠡᠢ ᠨᠢᠭᠲᠠᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠤᠳᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠳᠥᠷᠪᠡᠳᠦᠭᠡᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠬᠤᠳᠠ ᠶᠢᠨ ᠬᠤᠶᠠᠷ ᠬᠤᠷᠠᠯ ᠳᠤ ᠳᠡᠪᠰᠢᠭᠦᠯᠬᠦ ᠪᠠᠷ ᠪᠠᠶᠢᠭ᠎ᠠ ᠬᠤᠯᠪᠣᠭᠳᠠᠯ ᠪᠦᠬᠦᠢ ᠪᠢᠴᠢᠭ | ᠮᠠᠲ᠋ᠧᠷᠢᠶᠠᠯ ᠢ ᠰᠤᠳᠤᠯᠤᠭᠰᠠᠨ ᠪᠥᠭᠡᠳ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠢ ᠱᠠᠭᠠᠷᠳᠠᠯᠭ᠎ᠠ | ᠳᠤᠷᠠᠳᠴᠠᠢ᠃ |