︵ᠰᠤᠷᠪᠤᠯᠵᠢᠯᠠᠭᠴᠢ ᠶᠦᠨ ᠶᠠᠨ ᠹᠠᠩ︶ 2024 ᠣᠨ ᠤ 12 ᠳ᠋ᠤᠭᠠᠷ ᠰᠠᠷ᠎ᠠ ᠶᠢᠨ 31 ᠤ ᠡᠳᠦᠷ᠂ | 2024 ᠣᠨ ᠤ ᠬᠠᠮᠤᠭ ᠰᠡᠭᠦᠯᠴᠢ ᠶᠢᠨ ᠨᠢᠭᠡ ᠡᠭᠡᠯᠵᠢ ᠶᠢᠨ ᠨᠢᠰᠬᠡᠯ ᠤᠨ ᠠᠮᠤᠷ ᠲᠦᠪᠰᠢᠨ ᠭᠠᠵᠠᠷᠳᠠᠬᠤ ᠶᠢ | ᠳᠠᠭᠠᠯᠳᠤᠨ ᠬᠥᠬᠡᠬᠤᠲᠠ ᠶᠢᠨ ᠨᠢᠰᠬᠡᠯ ᠤᠨ ᠪᠠᠭᠤᠳᠠᠯ 2024 ᠣᠨ ᠤ ᠡᠭᠡᠯᠵᠢ ᠶᠢᠨ ᠨᠢᠰᠬᠡᠯ ᠤᠨ ᠠᠵᠢᠯᠯᠠᠭᠠᠨ ᠤ | ᠪᠠᠲᠤᠯᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠪᠥᠬᠦ ᠵᠢᠯ ᠳᠤ ᠠᠶᠠᠨᠴᠢᠳ ᠤᠨ ᠣᠷᠣᠭᠤᠯᠵᠤ | ᠭᠠᠷᠭᠠᠭᠰᠠᠨ ᠬᠡᠮᠵᠢᠶ᠎ᠡ 1316.6 ᠲᠦᠮᠡᠨ ᠬᠥᠮᠦᠨ ᠤᠳᠠᠭ᠎ᠠ ᠳᠤ ᠬᠦᠷᠴᠦ᠂ 11.7 ᠲᠦᠮᠡᠨ ᠨᠢᠰᠭᠡᠯ ᠤᠳᠠᠭ᠎ᠠ | ᠨᠢᠰᠴᠦ ᠪᠠᠭᠤᠨ᠂ ᠪᠠᠷᠠᠭ᠎ᠠ ᠰᠢᠤᠳᠠᠨ ᠤ ᠣᠷᠣᠭᠤᠯᠵᠤ ᠭᠠᠷᠭᠠᠭᠰᠠᠨ ᠬᠡᠮᠵᠢᠶ᠎ᠡ 5.9 ᠲᠦᠮᠡᠨ ᠲᠣᠨ ᠬᠦᠷᠴᠦ᠂ | ᠭᠤᠷᠪᠠᠨ ᠶᠡᠭᠡ ᠲᠡᠭᠡᠭᠡᠪᠦᠷᠢ ᠶᠢᠨ ᠦᠢᠯᠡᠳᠪᠦᠷᠢᠯᠡᠯ ᠤᠨ ᠭᠦᠢᠴᠡᠳᠬᠡᠯ ᠲᠤᠭ᠎ᠠ ᠴᠥᠮ ᠬᠥᠬᠡᠬᠤᠲᠠ ᠶᠢᠨ ᠨᠢᠰᠬᠡᠯ ᠤᠨ | ᠪᠠᠭᠤᠳᠠᠯ ᠤᠨ ᠠᠶᠠᠯᠠᠯ ᠡᠬᠢᠯᠡᠭᠰᠡᠨ ᠠᠴᠠ ᠨᠠᠭᠠᠰᠢᠬᠢ ᠲᠡᠦᠬᠡᠨ ᠲᠡᠮᠳᠡᠭᠯᠡᠯ ᠢ ᠰᠢᠨᠡᠳᠬᠡᠭᠰᠡᠨ ᠢ ᠬᠠᠷᠠᠭᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠨᠢ ᠪᠥᠬᠦ ᠤᠯᠤᠰ ᠤᠨ ᠮᠢᠩᠭᠠᠨ ᠲᠦᠮᠡᠨ | ᠲᠠᠰ ᠤᠨ 40 ᠨᠢᠰᠬᠡᠯ ᠤᠨ ᠪᠠᠭᠤᠳᠠᠯ ᠤᠨ ᠳᠤᠲᠤᠷ᠎ᠠ 34 ᠳ᠋ᠦ᠋ᠭᠡᠷ ᠲᠤ ᠵᠢᠭᠰᠠᠭᠠᠭᠳᠠᠵᠠᠢ᠂ ᠬᠥᠬᠡᠬᠤᠲᠠ ᠶᠢᠨ | ᠨᠢᠰᠬᠡᠯ ᠤᠨ ᠪᠠᠭᠤᠳᠠᠯ ᠨᠢ ᠬᠥᠬᠡᠬᠤᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ | ᠭᠠᠳᠠᠭᠠᠳᠤ ᠶᠢᠨ ᠬᠤᠳᠠᠯᠳᠤᠭᠠᠨ ᠤ ᠶᠠᠪᠤᠳᠠᠯ ᠤᠨ ᠶᠠᠪᠤᠯᠴᠠᠭ᠎ᠠ᠂ ᠰᠣᠶᠣᠯ ᠤᠨ ᠰᠣᠯᠢᠯᠴᠠᠭᠠᠨ ᠤ ᠴᠢᠬᠤᠯᠠ ᠵᠠᠮ | ᠱᠤᠭᠤᠮ ᠪᠣᠯᠵᠣ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠬᠦ | ᠴᠢᠬᠤᠯᠠ ᠬᠦᠴᠦᠨ ᠪᠣᠯᠤᠭᠰᠠᠨ ᠪᠠᠶᠢᠨ᠎ᠠ᠃ | 2024 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠭᠠᠳᠠᠭᠠᠳᠤ ᠶᠢᠨ | ᠵᠠᠮ ᠬᠠᠷᠢᠯᠴᠠᠭᠠᠨ ᠤ ᠪᠠᠶᠢᠷᠢᠰᠢᠯ ᠤᠨ ᠶᠡᠭᠡ ᠲᠠᠯ᠎ᠠ ᠶᠢᠨ ᠬᠤᠪᠢᠷᠠᠯᠲᠠ᠂ ᠨᠢᠰᠬᠡᠯ ᠤᠨ ᠪᠠᠭᠤᠳᠠᠯ ᠤᠨ ᠴᠠᠭ ᠤᠨ | ᠲᠣᠬᠢᠷᠠᠭᠤᠯᠭ᠎ᠠ ᠪᠠᠴᠢᠮ᠂ ᠲᠡᠭᠡᠭᠡᠪᠦᠷᠢ ᠶᠢᠨ ᠬᠦᠴᠦᠨ ᠤ ᠥᠷᠢᠰᠥᠯᠳᠦᠭᠡᠨ ᠤ ᠰᠢᠷᠦᠭᠦᠰᠦᠯ ᠵᠢᠴᠢ ᠳᠣᠲᠣᠭᠠᠳᠤ | ᠭᠠᠳᠠᠭᠠᠳᠤ ᠶᠢᠨ ᠠᠯᠢ ᠣᠯᠠᠨ ᠬᠦᠴᠦᠨ ᠵᠦᠢᠯ ᠤᠨ ᠨᠥᠯᠥᠭᠡ ᠳᠣᠣᠷ᠎ᠠ᠂ ᠨᠢᠰᠬᠡᠯ ᠤᠨ ᠪᠠᠭᠤᠳᠠᠯ ᠪᠣᠳᠠᠲᠤ ᠪᠠᠶᠢᠳᠠᠯ ᠢ | ᠦᠨᠳᠦᠰᠦᠯᠡᠨ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠬᠡᠷᠡᠭᠯᠡᠨ ᠠᠷᠠᠳ ᠤᠨ ᠠᠭᠠᠷ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠪᠥᠬᠦ ᠬᠦᠴᠦᠨ ᠢᠶᠠᠷ ᠬᠦᠴᠦᠷᠬᠡᠭᠵᠢᠭᠦᠯᠵᠦ᠂ | ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠪᠡ᠃ |