ᠪᠥᠬᠦ ᠰᠦᠯᠵᠢᠶᠡᠨ ᠳᠠᠬᠢ ᠮᠡᠳᠡᠭᠡ ᠵᠠᠩᠭᠢ ᠶᠢᠨ ᠬᠡᠮᠵᠢᠶ᠎ᠡ 46703 ᠵᠤᠷᠪᠤᠰ ᠪᠠᠶᠢᠵᠤ᠂ ᠰᠣᠯᠢᠯᠴᠠᠵᠤ | ᠬᠥᠳᠡᠯᠦᠯᠴᠡᠭᠰᠡᠨ ᠬᠡᠮᠵᠢᠶ᠎ᠡ 1952.36 ᠲᠦᠮᠡ᠂ ᠳᠠᠮᠵᠢᠭᠳᠠᠨ ᠤᠩᠰᠢᠭᠰᠠᠨ ᠬᠡᠮᠵᠢᠶ᠎ᠡ 2154.32 ᠲᠦᠮᠡᠨ | ᠬᠥᠮᠥᠨ ᠤᠳᠠᠭ᠎ᠠ᠂ ᠰᠣᠨᠢᠷᠬᠠᠵᠤ ᠦᠵᠡᠭᠰᠡᠨ ᠬᠡᠮᠵᠢᠶ᠎ᠡ 2458.25 ᠲᠦᠮᠡᠨ ᠬᠥᠮᠥᠨ ᠤᠳᠠᠭ᠎ᠠ ᠳᠤ ᠬᠦᠷᠴᠡᠢ᠃ | ᠣᠳᠣᠬᠠᠨ ᠪᠣᠯᠲᠠᠯ᠎ᠠ᠂ ︽ᠬᠥᠬᠡᠬᠤᠲᠠ ᠶᠢᠨ ᠴᠠᠭᠠᠨ ᠰᠠᠷ᠎ᠠ︾ ᠬᠡᠮᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ | ᠰᠢᠯᠵᠢᠭᠦᠯᠦᠨ ᠨᠡᠶᠢᠲᠡᠯᠡᠬᠦ ᠳᠤ ᠣᠷᠣᠯᠴᠠᠭᠰᠠᠨ ᠵᠠᠭᠤᠴᠢᠯᠠᠭᠤᠷ ᠤᠳ ᠤᠨ ᠲᠠᠪᠴᠠᠩ ᠨᠡᠶᠢᠲᠡ 11790 ᠡᠷᠦᠬᠡ ᠳᠤ | ᠬᠦᠷᠴᠡᠢ᠃ ᠡᠭᠦᠨ ᠳᠤ᠂ ᠰᠢᠨᠬᠤᠸᠠ ᠰᠦᠯᠵᠢᠶ᠎ᠡ᠂ ᠰᠢᠨᠬᠤᠸᠠ ᠬᠤᠷᠢᠶ᠎ᠠ᠂ ᠠᠷᠠᠳ ᠤᠨ ᠰᠦᠯᠵᠢᠶ᠎ᠡ ᠵᠡᠷᠭᠡ | ᠲᠥᠪ ᠤᠨ ᠵᠠᠭᠤᠴᠢᠯᠠᠭᠤᠷ ᠤᠳ ᠬᠠᠮᠢᠶ᠎ᠠ ᠪᠦᠬᠦᠢ ᠠᠭᠤᠯᠭ᠎ᠠ ᠶᠢ ᠨᠡᠶᠢᠲᠡ 2142 ᠵᠤᠷᠪᠤᠰ ᠨᠡᠶᠢᠲᠡᠯᠡᠭᠰᠡᠨ ᠪᠥᠭᠡᠳ | CCTV13 ᠰᠣᠨᠢᠨ ᠮᠡᠳᠡᠭᠡᠨ ᠤ ᠰᠤᠪᠠᠭ ᠤᠨ ᠮᠡᠳᠡᠭᠡᠯᠡᠯ᠂ ᠰᠢᠨᠬᠤᠸᠠ ᠬᠤᠷᠢᠶᠠᠨ ᠤ ᠡᠳᠦᠷ ᠪᠦᠷᠢ ᠶᠢᠨ | ᠴᠠᠬᠢᠯᠭᠠᠨ ᠮᠡᠳᠡᠭᠡᠨ ᠤ ᠲᠦᠷᠦᠭᠦᠸ ᠨᠢᠭᠤᠷ ᠲᠤ ᠨᠡᠶᠢᠲᠡᠯᠡᠭᠳᠡᠪᠡ︔ ᠥᠪᠥᠷ ᠮᠣᠩᠭᠤᠯ ᠤᠨ ᠡᠳᠦᠷ ᠤᠨ ᠰᠣᠨᠢᠨ᠂ | ᠳᠡᠭᠦᠯᠢᠯᠲᠡ ᠬᠠᠮ ᠵᠠᠭᠤᠴᠢᠯᠠᠭᠤᠷ ᠵᠡᠷᠭᠡ ᠮᠤᠵᠢ ᠶᠢᠨ ᠳᠡᠰ ᠤᠨ ᠵᠠᠭᠤᠴᠢᠯᠠᠭᠤᠷ ᠤᠨ ᠬᠢᠨ ᠨᠡᠶᠢᠲᠡ 2697 ᠬᠤᠪᠢ | ᠮᠡᠳᠡᠭᠡᠯᠡᠯ ᠨᠡᠶᠢᠲᠡᠯᠡᠪᠡ︔ ᠰᠧᠦ ᠬᠤ᠋ ᠰᠦᠯᠵᠢᠶᠡᠨ ᠤ ᠬᠤᠲᠠ ᠶᠢᠨ ᠠᠭᠤᠯᠭ᠎ᠠ ᠪᠦᠬᠦᠢ ᠥᠪᠥᠷ ᠮᠣᠩᠭᠤᠯ᠂ | ᠬᠥᠬᠡᠬᠤᠲᠠ ᠶᠢᠨ ᠠᠵᠢᠭᠯᠠᠯᠲᠠ ᠵᠡᠷᠭᠡ ᠬᠤᠳᠠᠯᠳᠤᠭᠠᠨ ᠤ ᠵᠠᠭᠤᠴᠢᠯᠠᠭᠤᠷ ᠤᠨ ᠬᠢᠨ ᠨᠡᠶᠢᠲᠡ 1369 ᠬᠤᠪᠢ | ᠮᠡᠳᠡᠭᠡᠯᠡᠯ ᠨᠡᠶᠢᠲᠡᠯᠡᠪᠡ︔ ᠴᠢᠩ ᠴᠧᠩ ᠬᠠᠮ ᠵᠠᠭᠤᠴᠢᠯᠠᠭᠤᠷ ᠵᠡᠷᠭᠡ ᠬᠤᠳᠠ ᠶᠢᠨ ᠲᠡᠰ ᠤᠨ ᠵᠠᠭᠤᠴᠢᠯᠠᠭᠤᠷ ᠤᠨ | ᠲᠠᠪᠴᠠᠩ ᠤᠨ ᠴᠠᠭᠠᠨ ᠰᠠᠷ᠎ᠠ ᠶᠢᠨ ᠭᠤᠣᠯ ᠰᠡᠳᠦᠪᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠰᠢᠭᠤᠳ | ᠨᠡᠪᠲᠡᠷᠡᠭᠦᠯᠭᠡ ᠶᠢ ᠰᠣᠨᠢᠷᠬᠠᠵᠤ ᠦᠵᠡᠭᠰᠡᠨ ᠬᠡᠮᠵᠢᠶ᠎ᠡ 217 ᠲᠦᠮᠡᠨ ᠬᠥᠮᠥᠨ ᠤᠳᠠᠭ᠎ᠠ ᠶᠢ ᠳᠠᠪᠠᠵᠠᠢ᠃ ︵ | ᠬᠥᠬᠡᠬᠤᠲᠠ ᠶᠢᠨ ᠵᠠᠰᠠᠭ ᠤᠨ ᠣᠷᠳᠣᠨ︶ |