ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ ᠾᠧ ᠬᠠᠢ ᠳ᠋ᠦᠩ ᠼᠦᠢ ᠵᠧᠨ ᠦ᠋ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ 2025 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ | ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ | ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠶᠤᠯᠭᠦᠢ | ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠡᡁᠧ | ᠬᠠᠢ ᠳ᠋ᠦᠩ᠂ ᠯᠢᠦ ᠵᠢᠢ ᠶᠢᠩ᠂ ᠶᠠᠩ ᠰᠢᠩ ᠱᠧᠩ᠂ ᠨᠢᠦ ᠹᠠᠩ ᠽᠧ᠂ ᠹᠦ᠋ ᠶᠢᠨ ᠽᠠᠢ᠂ ᠲᠠᠯ᠎ᠠ᠂ ᠯᠢᠦ ᠵᠠᠨ ᠶᠢᠩ᠂ | ᠵᠤᠤ ᠶᠦᠩ ᠭᠠᠩ ᠰᠤᠷᠤᠯᠴᠠᠯᠭ᠎ᠠ ᠶᠢᠨ ᠭᠤᠣᠯ ᠰᠡᠳᠦᠪ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠶᠠᠷᠢᠶ᠎ᠠ ᠲᠠᠯᠪᠢᠵᠠᠢ᠃ | ᠪᠣᠣ ᠭᠠᠩ ᠬᠡᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠬᠥᠭᠵᠢᠯᠲᠡ ᠪᠣᠯᠣᠨ ᠠᠮᠤᠷ ᠲᠦᠪᠰᠢᠨ | ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠳᠠᠭ᠃ ᠣᠳᠣᠬᠠᠨ ᠳᠤ᠂ ᠣᠷᠣᠨ ᠤ ᠲᠥᠪ ᠬᠤᠲᠠ ᠰᠢᠨ᠎ᠡ ᠪᠠᠷ ᠬᠦᠭᠵᠢᠭᠰᠡᠨ ᠠᠵᠤ ᠦᠢᠯᠡᠰ ᠢ | ᠲᠦᠷᠭᠡᠨ ᠪᠠᠶᠢᠷᠢᠰᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ | ᠪᠠᠶᠢᠨ᠎ᠠ᠂ ᠬᠥᠭᠵᠢᠯᠲᠡ ᠶᠢᠨ ᠬᠠᠨᠳᠤᠰᠢ ᠤᠯᠠᠮ ᠢᠳᠡᠪᠬᠢᠲᠡᠢ ᠰᠠᠶᠢᠵᠢᠷᠠᠬᠤ ᠲᠤᠲᠤᠮ ᠠᠮᠤᠷ ᠲᠦᠪᠰᠢᠨ ᠤ ᠬᠤᠷᠢᠭ᠎ᠠ | ᠱᠤᠭᠤᠮ ᠤᠨ ᠲᠠᠯ᠎ᠠ ᠪᠠᠷ ᠤᠯᠠᠮ ᠮᠢᠨᠴᠦᠭᠦᠷᠡᠨ ᠲᠠᠶᠢᠪᠤᠰᠢᠷᠠᠵᠤ ᠪᠣᠯᠬᠤ ᠦᠭᠡᠢ᠃ ᠪᠢᠳᠡ ︽ᠠᠮᠤᠷ ᠲᠦᠪᠰᠢᠨ ᠢ | ᠠᠳᠬᠤᠬᠤ ᠪᠣᠯ ᠳᠠᠷᠤᠶ ᠬᠥᠭᠵᠢᠯᠲᠡ ᠶᠢ ᠡᠷᠢᠯᠬᠢᠯᠡᠬᠦ᠂ ᠠᠮᠤᠷ ᠲᠦᠪᠰᠢᠨ ᠢ ᠪᠠᠲᠤᠯᠠᠬᠤ ᠪᠣᠯ ᠳᠠᠷᠤᠶ ᠬᠥᠭᠵᠢᠯᠲᠡ ᠶᠢ | ᠠᠬᠢᠭᠤᠯᠬᠤ ᠶᠠᠪᠤᠳᠠᠯ ᠮᠥᠨ︾ ᠭᠡᠬᠦ ᠣᠨᠣᠯᠵᠢᠬᠤᠨ ᠢ ᠪᠠᠲᠤᠵᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠪᠣᠭᠤᠮᠲᠠ ᠶᠢ ᠤᠷᠤᠭᠰᠢ ᠰᠢᠯᠵᠢᠭᠦᠯᠵᠦ᠂ ᠦᠢᠯᠡᠳᠪᠦᠷᠢ ᠠᠭᠤᠷᠬᠠᠶ᠂ ᠠᠷᠠᠯᠵᠢᠶ᠎ᠠ ᠬᠤᠳᠠᠯᠳᠤᠭ᠎ᠠ᠂ ᠵᠠᠮ ᠬᠠᠷᠢᠯᠴᠠᠭ᠎ᠠ | ᠂ ᠲᠤᠭ᠎ᠠ ᠪᠠᠷᠢᠮᠲᠠ ᠶᠢᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠬᠤᠳᠠᠯᠳᠤᠭ᠎ᠠ ᠬᠡᠲᠦ ᠳᠡᠯᠭᠡᠭᠦᠷ᠂ | ᠰᠤᠷᠭᠠᠭᠤᠯᠢ ᠶᠢᠨ ᠬᠦᠷᠢᠶ᠎ᠡ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ ᠪᠠ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠᠨ | ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠡᠭᠡᠨ ᠬᠠᠰᠢ ᠶᠠᠰᠢ ᠴᠡᠭᠴᠡᠯᠡᠨ | ᠰᠠᠶᠢᠵᠢᠷᠠᠭᠤᠯᠵᠤ ᠪᠠ ᠶᠣᠰᠣ ᠶᠢᠨ ᠲᠡᠳᠦᠢ ᠪᠠᠶᠢᠵᠤ ᠪᠣᠯᠬᠤ ᠥᠬᠡᠶ᠂ ᠡᠷᠬᠡᠪᠰᠢ ᠴᠠᠭ ᠲᠤᠬᠠᠶ ᠳᠤᠨᠢ ᠥᠭᠡᠷᠡᠴᠢᠯᠡᠵᠦ᠂ | ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠤᠯᠠᠨ ᠲᠦᠮᠡᠨ ᠲᠠᠢ ᠤᠢᠢᠷᠠᠳᠤᠭᠰᠠᠨ᠂ ᠪᠣᠳᠠᠲᠤ ᠦᠷ᠎ᠡ | ᠪᠦᠲᠦᠮᠵᠢ ᠶᠢ ᠴᠢᠬᠤᠯᠠᠴᠢᠯᠠᠬᠤ ᠠᠷᠭ᠎ᠠ ᠬᠡᠯᠪᠡᠷᠢ ᠪᠠᠷ ᠠᠮᠤᠷ ᠲᠦᠪᠰᠢᠨ ᠤ ᠤᠬᠠᠭᠤᠯᠭ᠎ᠠ ᠶᠢ ᠰᠠᠶᠢᠲᠤᠷ ᠥᠷᠨᠢᠭᠦᠯᠬᠦ | ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠪᠠᠨ | ᠴᠢᠩᠭᠠᠳᠬᠠᠨ᠂ ᠭᠠᠮᠰᠢᠭ ᠤᠨ ᠠᠳᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠳᠤᠮᠳᠠᠬᠢ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠳᠬᠠᠬᠤ | ᠬᠡᠷᠡᠭᠲᠡᠢ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ | ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠥᠨᠳᠥᠷ ᠲᠦᠪᠰᠢᠨ ᠪᠦᠬᠦᠢ | ᠠᠮᠤᠷ ᠲᠦᠪᠰᠢᠨ ᠢᠶᠠᠷ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ | ᠃ |