ᠼᠦᠢ ᠵᠧᠨ ᠡᠦ ᠶᠠᠷᠢᠶ᠎ᠠ ᠲᠠᠯᠪᠢᠪᠠ | ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠬᠤᠤ ᠰᠢᠤᠢ ᠵᠢᠶᠧ︶ 2 ᠳ᠋ᠤᠭᠠᠷ | ᠰᠠᠷ᠎ᠠ ᠶᠢᠨ 11 ᠤ ᠡᠳᠦᠷ᠂ ᠪᠥᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠰᠲ᠋ᠧᠮ ᠤᠨ 2025 | ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠤᠨ ᠬᠤᠷᠠᠯ | ᠬᠤᠷᠠᠯᠳᠤᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠲᠢᠩᠬᠢᠮ ᠤᠨ ᠮᠡᠳᠡᠭᠡ ᠵᠠᠩᠭᠢ ᠪᠠᠶᠢᠴᠠᠭᠠᠨ ᠰᠤᠳᠤᠯᠬᠤ | ᠭᠠᠵᠠᠷ ᠤᠨ ᠳᠠᠷᠤᠭ᠎ᠠ ᠼᠤᠤ ᠶᠦᠩ ᠫᠢᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ | ᠰᠢᠶᠤᠤ ᠳ᠋ᠦᠩ ᠬᠤᠷᠠᠯ ᠢ ᠡᠷᠭᠢᠯᠡᠪᠡ᠃ | ᠬᠤᠷᠠᠯ ᠠᠴᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ 2024 ᠣᠨ ᠤ ᠨᠡᠶᠢᠭᠡᠮ ᠤᠨ ᠪᠠᠶᠢᠳᠠᠯ | ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠢ ᠳ᠋ᠦᠩᠨᠡᠬᠦ ᠶᠢᠨ ᠬᠠᠮᠲᠤ 2025 ᠣᠨ ᠤ | ᠠᠵᠢᠯ ᠢ ᠲᠤᠬᠢᠷᠠᠭᠤᠯᠪᠠ᠃ ᠪᠦᠬᠦ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ 2024 | ᠣᠨ ᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠢᠷᠡᠭᠦᠯᠦᠭᠰᠡᠨ ᠪᠠ | ᠬᠡᠷᠡᠭᠯᠡᠭᠰᠡᠨ ᠪᠠᠶᠢᠳᠠᠯ ᠢ ᠳ᠋ᠦᠩᠨᠡᠪᠡ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ | ᠵᠥᠪᠯᠡᠯ᠂ ᠲᠦᠮᠡᠳ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠳᠤᠮᠳᠠᠳᠤ ᠤᠯᠤᠰ ᠤᠨ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠡᠪᠯᠡᠯ ᠤᠨ ᠬᠤᠲᠠ ᠶᠢᠨ ᠬᠤᠷᠢᠶ᠎ᠠ ᠵᠡᠷᠭᠡ ᠶᠢᠨ ᠲᠥᠯᠥᠭᠡᠯᠡᠭᠴᠢ | ᠠᠵᠢᠯ ᠤᠨ ᠰᠣᠯᠢᠯᠴᠠᠭᠠᠨ ᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠰᠢᠰᠲ᠋ᠧᠮ ᠤᠨ ᠬᠢᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠮᠡᠳᠡᠭᠡ ᠵᠠᠩᠭᠢ ᠶᠢᠨ ᠠᠵᠢᠯ ᠢ | ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠤᠯᠤᠰ ᠲᠥᠷᠥ ᠶᠢᠨ ᠵᠥᠪᠯᠡᠯᠭᠡᠨ ᠤ | ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠬᠤᠯᠠ ᠭᠠᠷᠳᠠᠴᠠ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠬᠤᠰᠢᠭᠤ | ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ᠂ ᠲᠤᠰᠬᠠᠢ ᠵᠥᠪᠯᠡᠯ᠂ ᠡᠯ᠎ᠡ ᠨᠠᠮ ᠪᠦᠯᠦᠭ ᠪᠦᠯᠬᠦᠮ ᠪᠠ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ | ᠱᠠᠲᠤᠨ ᠳᠤ ᠭᠦᠨᠵᠡᠭᠡᠶᠢᠷᠡᠨ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ ᠬᠢᠵᠦ᠂ ᠣᠯᠠᠨ ᠲᠦᠮᠡᠨ ᠤ ᠰᠠᠶᠢᠨ | ᠣᠷᠣᠯᠠᠨ ᠥᠭᠦᠯᠡᠭᠴᠢ ᠪᠣᠯᠬᠤ ᠬᠡᠷᠡᠭᠲᠡᠢ᠃ ᠶᠠᠰᠤ ᠴᠢᠨᠠᠷ ᠤᠨ ᠤᠬᠠᠮᠰᠠᠷ᠂ ᠰᠤᠷᠤᠯᠴᠠᠬᠤ ᠤᠬᠠᠮᠰᠠᠷ᠂ ᠲᠡᠷᠢᠭᠦᠨ ᠢ | ᠲᠡᠮᠡᠴᠡᠬᠦ ᠤᠬᠠᠮᠰᠠᠷ ᠢᠶᠠᠨ ᠪᠠᠲᠤᠵᠢᠭᠤᠯᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠰᠠᠨᠠᠯ ᠵᠥᠪᠯᠡᠯᠭᠡ | ᠰᠢᠭᠤᠳ ᠨᠡᠪᠲᠡᠷᠡᠬᠦ︾ ᠶᠢ ᠣᠷᠣᠨ ᠤ ᠲᠥᠪ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠲᠠᠨᠢᠵᠤ | ᠣᠶᠢᠯᠠᠭᠠᠬᠤ ︽ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ︾ ᠪᠣᠯᠭᠠᠬᠤ ᠬᠡᠷᠡᠭᠲᠡᠢ ᠭᠡᠵᠡᠢ᠃ |