ᠾᠧ ᠬᠠᠢ ᠳ᠋ᠦᠩ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠢ ᠹᠧᠩ ᠨᠡᠷ ᠲᠠᠢ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2025/2/13
     ︵ᠰᠤᠷᠪᠤᠯᠵᠢᠯᠠᠭᠴᠢ ᠭᠧᠩ ᠰᠢᠨ︶ 2 ᠳ᠋ᠤᠭᠠᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠠᠩ ᠬᠠᠢ ᠹᠧᠩ ᠨᠡᠷ ᠲᠠᠢ ᠰᠠᠭᠤᠳᠠᠯ ᠤᠨ ᠬᠤᠷᠠᠯ ᠬᠢᠪᠡ᠃      ᠰᠠᠭᠤᠳᠠᠯ ᠤᠨ ᠬᠤᠷᠠᠯ ᠳᠡᠭᠡᠷ᠎ᠡ᠂ ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠵᠠᠩ ᠬᠠᠢ ᠹᠧᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠠᠴᠠ ᠣᠷᠣᠨ ᠤ ᠲᠥᠪ ᠬᠤᠲᠠ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠣᠳᠣᠬᠠᠨ ᠳᠤ ᠣᠷᠣᠨ ᠤ ᠲᠥᠪ ᠬᠤᠲᠠ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠥᠬᠦ ᠬᠦᠴᠦᠨ ᠢᠶᠠᠷ ᠢᠶᠠᠨ ᠪᠤᠶᠢᠵᠢᠭᠤᠯᠵᠤ᠂ ᠰᠢᠨ᠎ᠡ ᠪᠠᠷ ᠬᠦᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠲᠦᠷᠭᠡᠨ ᠪᠠᠶᠢᠷᠢᠰᠢᠭᠤᠯᠵᠤ ᠪᠠᠶᠢᠨ᠎ᠠ᠂ ᠡᠨᠡ ᠨᠢ ᠴᠠᠬᠢᠯᠭᠠᠨ ᠬᠦᠴᠦᠨ ᠤ ᠴᠢᠬᠤᠯᠠ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢ ᠬᠦᠷᠭᠡᠬᠦ ᠵᠠᠮ ᠱᠤᠭᠤᠮ ᠢ ᠪᠦᠲᠦᠭᠡᠨ ᠪᠠᠶᠢᠭᠤᠯᠬᠤ᠂ ᠰᠢᠨ᠎ᠡ ᠨᠢᠭᠡ ᠡᠭᠡᠯᠵᠢ ᠶᠢᠨ ᠴᠠᠬᠢᠯᠭᠠᠨ ᠲᠣᠣᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠬᠢᠯᠡᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤ ᠪᠠᠷ ᠣᠷᠣᠨ ᠤ ᠲᠥᠪ ᠬᠤᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠬᠤᠷᠠᠮᠳᠤᠭᠤᠯᠵᠤ ᠡᠨᠧᠷᠭᠢ ᠣᠯᠭᠤᠬᠤ ᠶᠢ ᠬᠦᠰᠡᠵᠦ ᠪᠠᠶᠢᠨ᠎ᠠ᠃ ᠪᠢᠳᠡ ᠴᠢᠨᠠᠷ ᠰᠠᠶᠢᠲᠠᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠡᠮᠵᠢᠨ᠎ᠡ ᠭᠡᠪᠡ᠃      ᠵᠠᠩ ᠬᠠᠢ ᠹᠧᠩ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠬᠡᠬᠤᠲᠠ ᠳᠠᠬᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠤᠷᠢᠳᠴᠢᠯᠠᠵᠤ᠂ ᠬᠥᠭᠵᠢᠯᠲᠡ ᠶᠢᠨ ᠬᠠᠨᠳᠤᠰᠢ ᠡᠷᠴᠢᠮᠲᠡᠢ ᠪᠠᠶᠢᠨ᠎ᠠ᠂ ᠪᠦᠯᠦᠭᠯᠡᠯ ᠤᠨ ᠬᠢᠨ ᠣᠷᠣᠨ ᠤ ᠲᠥᠪ ᠬᠤᠳᠠ ᠶᠢᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠡᠳᠦ ᠶᠢ ᠪᠣᠳᠣᠯᠬᠢᠯᠠᠵᠤ᠂ ᠣᠷᠣᠨ ᠤ ᠲᠥᠪ ᠬᠤᠳᠠ ᠳᠠᠬᠢ ᠴᠠᠬᠢᠯᠭᠠᠨ ᠲᠣᠣᠷ ᠤᠨ ᠪᠡᠯᠡ ᠣᠷᠣᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠣᠷᠣᠨ ᠤ ᠲᠥᠪ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ ᠳᠠᠭᠠᠭᠠᠮᠠᠯ ᠵᠠᠩ ᠰᠢᠶᠤᠤ ᠬᠤ᠋᠂ ᠳᠡᠳ᠋ ᠶᠡᠷᠦᠩᠬᠡᠢ ᠳᠠᠭᠠᠭᠠᠮᠠᠯ ᠰᠢᠤᠢ ᠰᠢᠶᠤᠤ ᠪᠢᠨ᠂ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠲᠠᠯ᠎ᠠ᠂ ᠵᠦ ᠵᠢᠶᠠᠨ ᠭᠦᠸᠧ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢᠦ ᠵᠠᠨ ᠶᠢᠩ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1