ᠴᠢᠳᠠᠪᠤᠷᠢᠲᠠᠨ ᠤ ᠬᠤᠲᠠ ᠶᠢᠨ ᠬᠥᠭᠵᠢᠯᠲᠡ ᠳᠤ ᠦᠵᠡᠭᠦᠯᠭᠦ ᠴᠢᠬᠤᠯᠠ ᠴᠢᠨᠠᠷ ᠡᠳᠦᠷ ᠢᠷᠡᠬᠦᠶ᠎ᠡ ᠢᠯᠡᠷᠬᠡᠢ | ᠪᠣᠯᠵᠤ ᠪᠠᠶᠢᠨ᠎ᠠ᠂ ᠴᠢᠳᠠᠪᠤᠷᠢᠲᠠᠨ ᠢ ᠬᠡᠷᠬᠢᠨ ᠤᠷᠢᠨ ᠠᠪᠴᠢᠷᠠᠬᠤ᠂ ᠴᠢᠳᠠᠪᠤᠷᠢᠲᠠᠨ ᠢ ᠬᠡᠷᠬᠢᠨ ᠦᠯᠡᠳᠡᠭᠡᠬᠦ ᠨᠢ | ᠬᠤᠲᠠ ᠶᠢᠨ ᠬᠥᠭᠵᠢᠯᠲᠡ ᠶᠢᠨ ᠵᠠᠩᠭᠢᠯᠠᠭ᠎ᠠ ᠶᠢᠨ ᠠᠰᠠᠭᠤᠳᠠᠯ ᠪᠣᠯᠪᠠ᠃ ᠭᠦᠭᠡᠬᠤᠲᠠ ᠴᠢᠳᠠᠪᠤᠷᠢᠲᠠᠨ ᠢᠶᠠᠷ | ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠣᠷᠣᠨ ᠤ ᠲᠥᠪ ᠤᠨ ︽ᠵᠢᠷᠭᠤᠭᠠᠨ | ᠶᠡᠭᠡ ᠠᠵᠤ ᠦᠢᠯᠡᠰ ᠤᠨ ᠪᠦᠯᠦᠭᠵᠢᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠣᠷᠣᠭᠤᠯᠤᠨ | ᠴᠢᠳᠠᠪᠤᠷᠢᠲᠠᠨ ᠢ ᠬᠤᠷᠠᠨ ᠴᠤᠭᠯᠠᠷᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠭᠤᠣᠯᠳᠠᠯᠭ᠎ᠠ ᠲᠠᠢ ᠴᠢᠳᠠᠪᠤᠷᠢᠲᠠᠨ ᠤ | ᠲᠥᠷᠥᠯ ᠵᠦᠢᠯ ᠢ ᠠᠬᠢᠭᠤᠯᠵᠤ᠂ ᠣᠷᠣᠨ ᠤ ᠲᠥᠪ ᠤᠨ ᠴᠢᠳᠠᠪᠤᠷᠢᠲᠠᠨ ᠤ ᠲᠥᠪᠯᠡᠷᠡᠯ ᠤᠨ ᠬᠡᠮᠵᠢᠶ᠎ᠡ᠂ ᠬᠥᠭᠵᠢᠶᠡᠨᠲᠦ | ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠣᠶᠢᠯᠠᠭᠠᠭᠰᠠᠨ ᠢᠶᠠᠷ᠂ 2022 ᠣᠨ ᠠᠴᠠ ᠣᠲᠣ ᠪᠤᠯᠲᠠᠯ᠎ᠠ ᠭᠦᠭᠡᠬᠤᠲᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠨ 4561 ᠣᠶᠤᠲᠠᠨ ᠳᠤ ᠭᠡᠷ ᠪᠠᠶᠢᠰᠢᠩ ᠲᠦᠷᠢᠶᠡᠰᠦᠯᠡᠬᠦ ᠨᠥᠬᠦᠪᠦᠷᠢ ᠮᠥᠩᠭᠦ ᠶᠢ 7913.12 | ᠲᠦᠮᠡᠨ ᠲᠥᠭᠦᠷᠢᠭ ᠲᠠᠷᠬᠠᠭᠠᠵᠤ᠂ ᠭᠦᠭᠡᠬᠤᠲᠠ ᠶᠢᠨ ᠵᠠᠯᠠᠭᠤ ᠴᠢᠳᠠᠪᠤᠷᠢᠲᠠᠨ ᠤ ᠣᠷᠣᠨ ᠰᠠᠭᠤᠴᠠ ᠶᠢᠨ ᠥᠪᠡᠷ ᠤᠨ | ᠥᠷᠲᠡᠭ ᠢ ᠪᠦᠲᠦᠮᠵᠢᠲᠡᠶ ᠪᠠᠭᠤᠷᠠᠭᠤᠯᠤᠭᠰᠠᠨ ᠤ ᠬᠠᠮᠲᠤ ᠨᠠᠩ ᠣᠯᠠᠨ ᠵᠠᠯᠠᠭᠤ ᠴᠢᠳᠠᠪᠤᠷᠢᠲᠠᠨ ᠢ ᠭᠦᠭᠡᠬᠤᠲᠠ ᠳᠤ | ᠣᠷᠣᠭᠤᠯᠤᠨ ᠠᠪᠴᠢᠷᠠᠵᠤ᠂ ᠭᠦᠭᠡᠬᠤᠲᠠ ᠳᠤ ᠦᠯᠡᠳᠡᠭᠡᠨ ᠠᠮᠤᠷ ᠲᠠᠶᠢᠪᠤᠩ ᠠᠵᠤ ᠲᠦᠷᠦᠭᠦ ᠪᠣᠯᠭᠠᠪᠠ᠃ | ᠣᠶᠢᠯᠠᠭᠠᠭᠰᠠᠨ ᠢᠶᠠᠷ᠂ ︽ᠠᠷᠪᠠᠨ ᠲᠦᠮᠡᠨ ᠣᠶᠤᠲᠠᠳ ᠢ ᠭᠦᠭᠡᠬᠤᠲᠠ ᠳᠤ ᠦᠯᠡᠳᠡᠭᠡᠬᠦ ᠢᠨᠵᠧᠨᠧᠷᠢᠩ︾ ᠨᠢ | ᠣᠳᠣᠬᠠᠨ ᠳᠤ ᠨᠡᠶᠢᠲᠡ 13.74 ᠲᠦᠮᠡᠨ ᠣᠶᠤᠲᠠᠳ ᠢ ᠣᠷᠣᠭᠤᠯᠤᠨ ᠠᠪᠴᠢᠷᠠᠵᠠᠢ᠃ | 2023 ᠣᠨ ᠤ 9 ᠰᠠᠷ᠎ᠠ ᠳᠤ ᠭᠦᠭᠡᠬᠤᠳᠠ ︽ᠴᠢᠳᠠᠪᠤᠷᠢᠲᠠᠨ ᠢ ᠤᠷᠢᠨ ᠠᠪᠴᠢᠷᠠᠬᠤ ᠲᠥᠷᠥ ᠶᠢᠨ | ᠪᠣᠳᠣᠯᠭ᠎ᠠ 10 ᠵᠤᠷᠪᠤᠰ︾ ᠢ ᠳᠠᠷᠤᠮᠠᠯᠯᠠᠨ ᠲᠠᠷᠬᠠᠭᠠᠪᠠ᠃ ᠣᠷᠣᠨ ᠤ ᠲᠥᠪ ᠤᠨ ᠴᠢᠳᠠᠪᠤᠷᠢᠲᠠᠨ ᠤ ᠠᠮᠢ ᠠᠬᠤᠢ ᠶᠢ | ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ ᠭᠦᠭᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠡᠨᠡᠬᠦ ᠰᠠᠭᠤᠷᠢᠨ ᠳᠡᠭᠡᠷ᠎ᠡ ᠳᠠᠭᠢᠨ ᠰᠢᠨ᠎ᠡ ᠶᠢ ᠡᠭᠦᠳᠴᠦ᠂ ᠳᠠᠭᠢᠨ ᠰᠢᠯᠢᠳᠡᠭᠵᠢᠭᠦᠯᠵᠦ᠂ ᠳᠠᠭᠢᠨ | ᠳᠡᠭᠡᠭᠰᠢᠯᠡᠭᠦᠯᠵᠤ᠂ 2024 ᠣᠨ ᠤ ᠰᠡᠭᠦᠯᠴᠢ ᠪᠠᠷ ︽ᠰᠢᠨ᠎ᠡ ᠴᠠᠭ ᠦᠶ᠎ᠡ ᠶᠢᠨ ᠣᠷᠣᠨ ᠤ ᠲᠥᠪ ᠤᠨ | ᠴᠢᠳᠠᠪᠤᠷᠢᠲᠠᠨ ᠤ ᠠᠵᠢᠯ ᠢ ᠴᠢᠨᠠᠷ ᠰᠠᠶᠢᠲᠠᠢ ᠠᠬᠢᠭᠤᠯᠬᠤ ᠲᠤᠬᠠᠢ ᠰᠠᠨᠠᠯ︾ ᠢ ᠵᠢᠩᠬᠢᠨᠢ ᠪᠠᠷ ᠨᠡᠶᠢᠲᠡᠯᠡᠪᠡ᠂ | ᠳᠥᠭᠦᠮᠴᠢᠯᠡᠭᠡᠳ ︽ᠭᠦᠭᠡᠬᠤᠲᠠ ᠶᠢᠨ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠭᠡᠳᠡᠭ᠂ | ᠲᠣᠰ ᠲᠥᠷᠥ ᠶᠢᠨ ᠪᠣᠳᠣᠯᠭ᠎ᠠ ᠨᠢ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠴᠢᠳᠠᠪᠤᠷᠢᠲᠠᠨ ᠤ ᠳᠡᠰ | ᠳᠠᠪᠬᠤᠷᠭ᠎ᠠ ᠶᠢ ᠳᠡᠭᠡᠭᠰᠢᠯᠡᠭᠦᠯᠭᠦ᠂ ᠠᠵᠤ ᠦᠢᠯᠡᠰ ᠪᠠ ᠴᠢᠳᠠᠪᠤᠷᠢᠲᠠᠨ ᠤ ᠠᠭᠤᠰᠤᠯᠴᠠᠯ ᠢ ᠠᠬᠢᠭᠤᠯᠬᠤ᠂ | ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ᠂ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ᠂ | ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠬᠦ ᠵᠡᠷᠭᠡ 6 ᠲᠡᠰ ᠳᠠᠪᠬᠤᠷᠭ᠎ᠠ ᠠᠴᠠ ᠣᠷᠣᠨ ᠤ ᠲᠥᠪ ᠤᠨ | ᠬᠥᠭᠵᠢᠯᠲᠡ ᠳᠤ ᠲᠠᠰᠤᠷᠠᠯᠲᠠ ᠦᠭᠡᠢ ᠴᠢᠳᠠᠪᠤᠷᠢᠲᠠᠨ ᠤ ᠠᠮᠢᠵᠢᠷᠠᠯ ᠤᠨ ᠬᠦᠴᠦᠨ ᠨᠡᠮᠡᠷᠢᠯᠡᠨ᠎ᠡ᠃ |