ᠾᠧ ᠬᠠᠢ ᠳ᠋ᠦᠩ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2025/2/14
     ︵ᠰᠤᠷᠪᠤᠯᠵᠢᠯᠠᠭᠴᠢ ᠭᠧᠩ ᠰᠢᠨ︶ 2 ᠳ᠋ᠤᠭᠠᠷ ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠶᠤᠸᠠᠨ ᠵᠢᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠭᠡᠳᠦ ᠵᠡᠷᠭᠡ ᠶᠢᠨ ᠳᠡᠳ᠋ ᠶᠡᠷᠦᠩᠬᠡᠶ ᠵᠠᠬᠢᠷᠤᠯ᠂ ᠥᠪᠥᠷ ᠮᠣᠩᠭᠤᠯ ᠤᠨ ᠰᠢᠨ ᠶᠤᠸᠠᠨ ᠵᠢᠩ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠸᠧᠶ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠶᠤᠸᠠᠨ ᠵᠢᠩ ᠮᠧᠩ ᠰᠢᠨ ᠪᠦᠯᠦᠭᠯᠡᠯ ᠤᠨ ᠣᠷᠣᠨ ᠤ ᠲᠥᠪ ᠬᠤᠲᠠ ᠶᠢᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠠᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠭᠰᠠᠨ ︽ᠵᠢᠷᠭᠤᠭᠠᠨ ᠠᠵᠢᠯᠯᠠᠭ᠎ᠠ︾ ᠶᠣᠰᠣᠭᠠᠷ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠵᠢᠭᠦᠯᠬᠦ ᠠᠵᠢᠯᠯᠠᠭ᠎ᠠ ᠪᠣᠯᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠪᠠᠶᠢᠨ᠎ᠠ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠶᠤᠸᠠᠨ ᠵᠢᠩ ᠮᠧᠩ ᠰᠢᠨ ᠪᠦᠯᠦᠭᠯᠡᠯ ᠤᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠬᠤ᠂ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠤᠷᠳᠤᠴᠠ ᠪᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ ᠦᠢᠯᠡᠳᠪᠦᠷᠢᠯᠡᠯ ᠤᠨ ᠴᠢᠳᠠᠪᠤᠷᠢ ᠶᠢᠨ ᠬᠡᠪᠴᠢᠶ᠎ᠡ ᠪᠠᠨ ᠥᠷᠭᠡᠳᠬᠡᠬᠦ ᠶᠢ ᠬᠦᠰᠡᠵᠦ ᠪᠠᠶᠢᠨ᠎ᠠ᠃ ᠪᠢᠳᠡ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ ᠭᠡᠪᠡ᠃      ᠯᠢ ᠸᠧᠢ ᠡᡁᠧ ᠬᠠᠢ ᠳ᠋ᠦᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠦᠷᠦᠯ ᠵᠦᠢᠯ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠲᠣᠪᠴᠢ ᠳᠠᠨᠢᠯᠴᠠᠭᠤᠯᠵᠤ᠂ ᠬᠡᠯᠡᠬᠦ ᠳᠡᠭᠡᠨ᠂ ᠣᠷᠣᠨ ᠤ ᠲᠥᠪ ᠬᠤᠲᠠ ᠶᠢᠨ ᠰᠢᠨ᠎ᠡ ᠡᠨᠧᠷᠭᠢ ᠶᠢᠨ ᠡᠬᠢ ᠪᠠᠶᠠᠯᠢᠭ ᠡᠯᠪᠡᠭ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠰᠠᠶᠢᠨ ᠪᠠᠶᠢᠨ᠎ᠠ᠂ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠲᠦᠷᠦᠯ ᠵᠦᠢᠯ ᠢ ᠲᠦᠷᠭᠡᠳᠭᠡᠨ ᠪᠦᠳᠦᠭᠡᠨ ᠪᠠᠶᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃      ᠲᠠᠯ᠎ᠠ ᠤᠷᠤᠯᠴᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1