| | ᠾᠧ ᠬᠠᠢ ᠳ᠋ᠦᠩ ᠬᠤᠷᠠᠯ ᠢ ᠡᠷᠬᠢᠯᠡᠵᠡᠢ | ︵ᠰᠤᠷᠪᠤᠯᠵᠢᠯᠠᠭᠴᠢ ᠯᠢᠶᠠᠩ ᠵᠢᠩ ᠱᠦ︶ 2 ᠳ᠋ᠤᠭᠠᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ᠬᠤᠲᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠺᠣᠮᠫᠠᠨᠢ ᠶᠢᠨ ᠳᠠᠩᠰᠠᠯᠠᠯᠲᠠ ᠬᠠᠮᠢᠶᠠᠷᠤᠯᠲᠠ ᠶᠢᠨ | ᠬᠡᠷᠡᠭᠵᠢᠭᠦᠯᠬᠦ ᠠᠷᠭ᠎ᠠ︾ ᠶᠢ ᠪᠢᠴᠢᠭ ᠢᠶᠠᠷ ᠰᠤᠷᠤᠯᠴᠠᠵᠤ᠂ ︽ᠬᠥᠬᠡᠬᠤᠲᠠ ᠶᠢᠨ ᠳᠠᠬᠢᠯᠲᠠ ᠤᠰᠤ ᠶᠢ ᠠᠰᠢᠭᠯᠠᠵᠤ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ︾ ︽ᠬᠥᠬᠡᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠡᠰᠢ ᠰᠦᠷᠡᠯ ᠢ ᠶᠡᠷᠦᠩᠬᠡᠶᠢᠯᠡᠨ ᠰᠢᠢᠳᠪᠦᠷᠢᠯᠡᠬᠦ ᠪᠠ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠡᠵᠡᠮᠳᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ︽︿ | ᠬᠥᠬᠡᠬᠤᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠢ ᠳᠡᠮᠵᠢᠬᠦ ᠲᠤᠬᠠᠶ ᠠᠷᠭ᠎ᠠ | ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶ ﹀ ᠶᠢ ᠳᠠᠷᠤᠮᠠᠯᠯᠠᠨ ᠶᠠᠪᠤᠭᠤᠯᠬᠤ ᠲᠤᠬᠠᠢ ᠨᠦᠬᠦᠪᠦᠷᠢ ᠮᠡᠳᠡᠭᠳᠡᠯ︾ | ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ | ᠺᠣᠮᠫᠠᠨᠢ ᠶᠢᠨ ᠳᠠᠩᠰᠠᠯᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢ ᠨᠠᠷᠢᠨ ᠬᠢᠨᠠᠮᠠᠭᠠᠢ ᠰᠤᠷᠤᠯᠴᠠᠵᠤ᠂ | ᠬᠡᠷᠡᠭᠵᠢᠭᠦᠯᠵᠦ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠺᠣᠮᠫᠠᠨᠢ ᠶᠢᠨ ᠳᠠᠩᠰᠠᠯᠠᠯᠲᠠ ᠬᠠᠮᠢᠶᠠᠷᠤᠯᠲᠠ ᠶᠢᠨ ᠠᠵᠢᠯ ᠤᠨ | ᠵᠢᠷᠤᠮᠵᠢᠭᠰᠠᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠥᠷᠭᠡᠨ ᠤᠯᠠᠨ ᠡᠵᠡᠩᠨᠡᠯᠲᠡ ᠶᠢᠨ ᠭᠤᠣᠯ | ᠴᠣᠭᠴᠠ ᠶᠢ ᠦᠨᠡᠨᠬᠦ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠣᠷᠣᠨ ᠤ ᠲᠥᠪ ᠬᠤᠲᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠰᠤ ᠠᠷᠪᠢᠯᠠᠬᠤ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠳᠠᠬᠢᠯᠲᠠ ᠤᠰᠤ ᠶᠢ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠴᠡᠴᠡᠷᠯᠢᠭ ᠤᠨ ᠨᠣᠭᠤᠭᠠᠨ ᠭᠠᠵᠠᠷ᠂ | ᠦᠵᠡᠮᠵᠢ ᠶᠢᠨ ᠭᠤᠤᠯ ᠮᠥᠷᠡᠨ ᠨᠠᠭᠤᠷ ᠴᠥᠭᠦᠷᠥᠮ᠂ ᠬᠤᠲᠠ ᠶᠢᠨ ᠶᠠᠪᠤᠳᠠᠯ ᠤᠨ ᠡᠯᠳᠡᠪ ᠬᠡᠷᠡᠭᠯᠡᠯᠲᠡ᠂ ᠨᠢᠭᠡᠴᠢ | ᠬᠤᠷᠢᠶᠠᠯᠠᠯ ᠳᠤ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠵᠤ | ᠡᠷᠴᠢᠮᠵᠢᠭᠦᠯᠦᠨ ᠠᠰᠢᠭᠯᠠᠬᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠷᠣᠨ ᠤ | ᠲᠥᠪ ᠬᠤᠲᠠ ᠶᠢᠨ ᠠᠵᠤ ᠠᠬᠤᠶ ᠨᠡᠶᠢᠭᠡᠮ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠵᠦᠭ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ | ᠬᠡᠮᠵᠢᠶ᠎ᠡ ᠪᠠᠨ ᠴᠢᠩᠭᠠᠷᠠᠭᠤᠯᠤᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠲᠠᠷᠢᠶᠠᠴᠢᠳ ᠵᠢᠴᠢ ᠨᠡᠶᠢᠭᠡᠮ ᠤᠨ | ᠬᠦᠴᠦᠨ ᠤ ᠡᠰᠢ ᠰᠦᠷᠡᠯ ᠢ ᠨᠡᠭᠡᠭᠡᠨ ᠠᠰᠢᠭᠯᠠᠬᠤ ᠶᠢ ᠬᠥᠲᠥᠯᠦᠨ ᠵᠢᠯᠣᠭᠤᠳᠴᠤ᠂ ᠵᠣᠷᠢᠭᠵᠢᠭᠤᠯᠤᠨ ᠳᠡᠮᠵᠢᠵᠦ᠂ | ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠨᠢᠭᠡᠨᠲᠡ | ᠲᠣᠭᠲᠠᠭᠠᠭᠰᠠᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠰᠠᠶᠢᠲᠤᠷ ᠠᠳᠬᠤᠵᠤ᠂ | ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠨᠥᠬᠦᠪᠥᠷᠢ ᠪᠡᠯᠡ ᠮᠥᠩᠭᠦ ᠶᠢ ᠪᠡᠶᠡᠯᠡᠭᠦᠯᠬᠦ ᠵᠢᠴᠢ | ᠬᠢᠨᠠᠨ ᠬᠠᠷᠭᠤᠭᠤᠯᠬᠤ ᠠᠵᠢᠯ ᠢ ᠰᠠᠶᠢᠲᠤᠷ ᠬᠢᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ | ᠬᠦᠢᠰᠦ ᠵᠠᠩᠭᠢᠯᠠᠭ᠎ᠠ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ | ᠪᠦᠰᠡ ᠶᠢᠨ ᠨᠡᠬᠡᠬᠡᠯᠳᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |