ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ | ᠬᠤᠷᠴᠠ 2 ᠳ᠋ᠤᠭᠠᠷ ᠰᠠᠷ᠎ᠠ ᠶᠢᠨ 19 ᠤ ᠡᠳᠦᠷ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠪᠠ᠃ | ᠬᠤᠷᠠᠯ ᠠᠴᠠ ︽ᠴᠢᠩ ᠱᠦᠢ ᠾᠧ ᠰᠢᠶᠠᠨ ᠤ ︿ᠲᠠ ᠰᠠᠨᠠᠭ᠎ᠠ ᠠᠮᠤᠷ ᠪᠠᠶᠢᠭᠠᠷᠠᠢ﹀ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠥᠰᠥᠯ︾ ᠢ ᠵᠠᠷᠴᠢᠮ ᠳᠡᠭᠡᠷ᠎ᠡ ᠪᠠᠨ ᠬᠢᠨᠠᠨ ᠵᠥᠪᠯᠡᠵᠦ᠂ | ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ︽ᠭᠠᠵᠠᠷ | ᠰᠢᠷᠣᠢ ᠠᠪᠤᠮᠠᠭᠴᠠ ᠠᠵᠢᠯ ᠡᠬᠢᠯᠡᠭᠦᠯᠬᠦ︾ ᠤᠴᠢᠷ ᠶᠠᠪᠤᠳᠠᠯ ᠢ ᠰᠤᠳᠤᠯᠬᠤ ᠶᠢ ᠰᠤᠳᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠤᠯᠤᠰ ᠲᠦᠷᠦ ᠶᠢᠨ ᠠᠮᠢ ᠠᠬᠤᠢ ᠶᠢ | ᠴᠢᠨᠠᠭᠰᠢᠳᠠ ᠰᠢᠯᠢᠳᠡᠭᠵᠢᠭᠦᠯᠵᠦ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠠᠵᠢᠯ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ | ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠰᠢᠯᠢᠳᠡᠭᠵᠢᠭᠦᠯᠵᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠬᠤ ᠡᠯ᠎ᠡ ᠵᠦᠢᠯ ᠤᠨ | ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︽ᠲᠦᠷᠦᠯ ᠵᠦᠢᠯ ᠢᠶᠠᠷ | ᠭᠤᠣᠯ ᠪᠣᠯᠭᠠᠬᠤ︾ ᠢᠯᠡ ᠲᠣᠳᠣ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠂ ᠥᠨᠳᠥᠷ ᠦᠷ᠎ᠡ ᠠᠰᠢᠭ ᠲᠠᠢ ︽ᠵᠥᠭᠡᠯᠡᠨ ᠦᠢᠯᠡᠴᠢᠯᠡᠭᠡ︾ ᠶᠢ | ᠡᠷᠬᠢᠮᠯᠡᠭᠰᠡᠨ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠦᠨᠡᠨᠴᠢ ᠢᠲᠡᠭᠡᠮᠵᠢᠲᠡᠢ ᠢᠲᠡᠭᠡᠮᠵᠢ ᠶᠢᠨ ᠣᠷᠴᠢᠨ | ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠳᠤ︽ᠬᠤᠳᠠᠯᠳᠤᠭ᠎ᠠ ᠶᠢ ᠳᠣᠲᠣᠨᠣᠴᠢᠯᠠᠬᠤ᠂ ᠬᠤᠳᠠᠯᠳᠤᠭ᠎ᠠ ᠶᠢ | ᠴᠢᠬᠤᠯᠠᠴᠢᠯᠠᠬᠤ᠂ ᠬᠤᠳᠠᠯᠳᠤᠭ᠎ᠠ ᠶᠢ ᠠᠮᠤᠷᠵᠢᠭᠤᠯᠬᠤ᠂ ᠬᠤᠳᠠᠯᠳᠤᠭ᠎ᠠ ᠶᠢ ᠬᠦᠨᠳᠦᠳᠬᠡᠬᠦ︾ᠦᠨᠡᠨᠴᠢ ᠰᠡᠳᠬᠢᠯ ᠢ | ᠦᠨᠡᠨᠬᠦ ᠮᠡᠳᠡᠷᠡᠭᠦᠯᠵᠦ᠂ ᠴᠢᠨᠠᠷ ᠰᠠᠶᠢᠲᠠᠢ︽ᠵᠥᠭᠡᠯᠡᠨ ᠣᠷᠴᠢᠨ ᠲᠣᠭᠤᠷᠢᠨ︾ ᠢᠶᠠᠷ ᠪᠦᠬᠦ ᠰᠢᠶᠠᠨ ᠤ ᠠᠵᠤ ᠠᠬᠤᠢ ᠶᠢᠨ | ᠬᠥᠭᠵᠢᠯᠲᠡ ᠶᠢᠨ︽ᠬᠠᠲᠠᠭᠤ ᠪᠣᠳᠠᠲᠤ ᠬᠦᠴᠦᠨ︾ ᠢ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |