ᠬᠥᠬᠡᠬᠤᠲᠠ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠳᠠᠶᠢᠴᠢᠯᠠᠨ ᠪᠠᠶᠢᠷᠢᠯᠠᠭᠤᠯᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/6
ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠤ  ᠾᠧ ᠬᠠᠢ ᠳ᠋ᠦᠩ ᠪᠣᠳᠠᠲᠠᠢ ᠪᠠᠶᠢᠷᠢᠯᠠᠭᠤᠯᠤᠯᠲᠠ ᠬᠢᠵᠦ  ᠼᠦᠢ ᠵᠧᠨ ᠦ᠋ ᠬᠤᠷᠠᠯ ᠳᠤ ᠣᠷᠣᠯᠴᠠᠪᠠ    ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 5 ᠤ ᠡᠳᠦᠷ᠂ ᠬᠥᠬᠡᠭᠴᠢᠨ ᠮᠣᠭᠠᠢ ᠵᠢᠯ ᠤᠨ ᠠᠩᠬᠠᠨ ᠤ ᠠᠵᠢᠯ ᠤᠨ ᠡᠳᠦᠷ᠂ ᠬᠥᠬᠡᠬᠤᠲᠠ ︽ᠵᠢᠷᠭᠤᠭᠠᠨ ᠠᠵᠢᠯᠯᠠᠭ᠎ᠠ︾ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠠᠲᠤᠯᠠᠬᠤ ᠳᠠᠢᠴᠢᠯᠠᠯᠲᠠ ᠪᠠᠢᠷᠢᠯᠠᠭᠤᠯᠤᠯᠲᠠ ᠶᠢᠨ ᠶᠡᠭᠡ ᠬᠤᠷᠠᠯ ᠢ ᠬᠤᠷᠠᠯᠳᠤᠭᠤᠯᠵᠤ᠂ ᠪᠦᠬᠦ ᠬᠤᠲᠠ ᠳᠠᠶᠠᠭᠠᠷ ᠶᠡᠷᠦᠩᠬᠡᠢ ᠱᠦᠵᠢ ᠱᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠡᠳᠭᠢᠯ ᠰᠠᠨᠠᠭ᠎ᠠ ᠪᠠᠨ ᠬᠤᠷᠢᠶᠠᠵᠤ ᠬᠦᠴᠦ ᠪᠠᠨ ᠲᠥᠪᠯᠡᠷᠡᠭᠦᠯᠵᠦ ᠪᠠᠢᠭᠠᠳ ᠳᠠᠷᠤᠢ ᠲᠦᠷᠭᠡᠨ ᠬᠦᠳᠡᠯᠦᠯᠴᠡᠨ ᠠᠵᠢᠯᠯᠠᠵᠤ᠂  ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠳᠤ ᠨᠠᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠶ ᠳ᠋ᠦᠩ ︽ᠵᠢᠷᠭᠤᠭᠠᠨ ᠠᠵᠢᠯᠯᠠᠭ᠎ᠠ︾ ᠶᠢ ᠠᠬᠢᠭᠤᠯᠬᠤ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠼᠦᠢ ᠵᠧᠨ ᠡᠦ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃    ᠪᠣᠣ ᠭᠠᠩ ᠬᠡᠯᠡᠬᠦ ᠳᠡᠭᠡᠨ᠂ ︽ᠵᠢᠷᠭᠤᠭᠠᠨ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠳᠤᠨᠤᠨ ᠤ ︽ᠵᠢᠷᠭᠤᠭᠠᠨ ᠢᠨᠵᠧᠨᠧᠷᠢᠩ︾ ᠤᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠨᠡ ᠵᠢᠯ ᠤᠨ ᠳᠠᠷᠤᠮᠠᠯᠯᠠᠨ ᠲᠠᠷᠬᠠᠭᠠᠭᠰᠠᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠶᠣᠰᠣᠭᠠᠷ᠂ ᠴᠢᠳᠠᠮᠠᠭᠠᠢ ᠪᠠᠷ ᠬᠢᠵᠦ ᠪᠤᠲᠠᠲᠠᠶᠢᠵᠢᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠵᠢᠭᠦᠯᠵᠦ ᠠᠵᠢᠯᠯᠠᠭ᠎ᠠ ᠪᠠᠷ ᠠᠵᠤ ᠠᠬᠤᠶ ᠶᠢᠨ ᠨᠡᠮᠡᠭᠳᠡᠯ ᠤᠨ ᠬᠥᠳᠡᠯᠭᠡᠬᠦ ᠬᠦᠴᠦᠨ ᠢ ᠴᠢᠩᠭᠠᠳᠬᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠡᠷᠡᠭᠴᠡᠭᠡ ᠳᠤ ᠬᠠᠨᠳᠤᠭᠤᠯᠤᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ᠂ ᠬᠥᠲᠥᠯᠥᠨ ᠳᠠᠭᠠᠭᠤᠯᠬᠤ ᠴᠢᠨᠠᠷᠲᠠᠶ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠲᠥᠷᠥᠯ ᠵᠦᠢᠯ ᠤᠨ ᠲᠦᠷᠭᠡᠨ ᠪᠥᠲᠥᠭᠡᠨ ᠪᠠᠶᠢᠭᠤᠯᠵᠤ ᠲᠦᠷᠭᠡᠨ ᠠᠰᠢᠭᠯᠠᠯᠲᠠ ᠳᠤ ᠣᠷᠣᠬᠤ ᠶᠢ ᠠᠬᠢᠭᠤᠯᠬᠤ ᠬᠡᠷᠡᠭᠲᠡᠶ︔ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠲᠦᠭᠵᠢᠷᠡᠯ ᠢ ᠠᠷᠢᠯᠭᠠᠵᠤ᠂ ᠳᠠᠷᠤᠭᠠᠰᠤ ᠶᠢ ᠬᠥᠩᠭᠡᠷᠡᠭᠦᠯᠵᠦ᠂ ᠲᠤᠯᠭᠠᠭᠤᠷᠢᠯᠠᠯ ᠬᠠᠩᠭᠠᠨ᠂ ᠬᠦᠴᠦᠨ ᠴᠢᠳᠠᠯ ᠣᠯᠭᠤᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠤᠯᠭᠠᠬᠤ ᠬᠡᠷᠡᠭᠲᠡᠢ︔ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠠᠷ ᠠᠵᠤ ᠠᠬᠤᠢ ᠶᠢᠨ ᠣᠷᠴᠢᠯ ᠢ ᠰᠢᠯᠤᠭᠤᠳᠬᠠᠵᠤ᠂ ᠨᠡᠶᠢᠭᠡᠮ ᠤᠨ ᠲᠣᠭᠲᠠᠭᠤᠨ ᠤ ᠰᠠᠭᠤᠷᠢ ᠶᠢ ᠪᠠᠬᠢᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠥᠷᠭᠡᠳᠬᠡᠵᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠪᠠᠷ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠬᠤ ᠬᠡᠷᠡᠭᠲᠡᠢ︔ ᠤᠰᠤ ᠠᠷᠪᠢᠯᠠᠬᠤ ᠠᠵᠢᠯᠯᠠᠭ᠎ᠠ ᠪᠠᠷ ᠦᠷᠭᠦᠯᠵᠢᠯᠡᠨ ᠬᠥᠭᠵᠢᠬᠦ ᠶᠢ ᠪᠠᠲᠤᠯᠠᠵᠤ᠂ ᠬᠤᠳᠠ ᠬᠥᠳᠡᠭᠡ ᠲᠣᠰᠬᠤᠨ᠂ ᠠᠵᠤ ᠦᠢᠯᠡᠳᠪᠦᠷᠢ ᠲᠠᠷᠢᠶᠠᠯᠠᠩ᠂ ᠦᠢᠯᠡᠳᠪᠦᠷᠢᠯᠡᠯ ᠠᠮᠢᠳᠤᠷᠠᠯ ᠤᠨ ᠪᠦᠬᠦ ᠲᠠᠯ᠎ᠠ ᠪᠠᠷ ᠤᠰᠤ ᠠᠷᠪᠢᠯᠠᠬᠤ ᠶᠢ ᠠᠬᠢᠭᠤᠯᠵᠤ᠂ ᠬᠤᠳᠠ ᠶᠢᠨ ᠣᠷᠣᠰᠢᠨ ᠲᠣᠭᠲᠠᠨᠢᠬᠤ ᠪᠠ ᠬᠥᠭᠵᠢᠯᠲᠡ ᠶᠢᠨ ︽ᠠᠮᠢᠨ ᠰᠤᠳᠠᠰᠤ︾ ᠶᠢ ᠰᠠᠬᠢᠨ ᠬᠠᠮᠠᠭᠠᠯᠠᠬᠤ ᠬᠡᠷᠡᠭᠲᠡᠢ︔ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠᠷ ᠳᠣᠲᠣᠭᠠᠳᠤ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠤᠷᠤᠨ ᠤ ᠲᠦᠪ ᠤᠨ ᠬᠤᠲᠠ ᠶᠢᠨ ᠴᠠᠭᠠᠷᠢᠭ ᠢ ᠪᠤᠲᠠᠲᠠᠶᠢᠵᠢᠭᠤᠯᠤᠨ ᠬᠦᠴᠦᠷᠬᠡᠭᠵᠢᠭᠦᠯᠵᠦ᠂ ︽ᠨᠠᠶᠢᠵᠠ ᠶᠢᠨ ᠲᠣᠭᠤᠷᠢᠭ︾ ᠢᠶᠠᠷ ᠦᠢᠯᠡᠳᠪᠦᠷᠢᠯᠡᠯ ᠤᠨ ᠬᠦᠴᠦᠨ ᠢ ᠪᠤᠢ ᠪᠣᠯᠭᠠᠬᠤ ᠬᠡᠷᠡᠭᠲᠡᠢ︔ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠡᠨᠡ ᠬᠦ ︽ᠪᠠᠶᠠᠯᠢᠭ ᠠᠭᠤᠷᠬᠠᠶ︾ ᠶᠢ ᠭᠦᠨ ᠠᠭᠤᠳᠠᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ︽ᠵᠢᠷᠭᠤᠭᠠᠨ ᠠᠵᠢᠯᠯᠠᠭ᠎ᠠ︾ ᠨᠢ ᠬᠠᠷᠢᠯᠴᠠᠨ ᠬᠤᠯᠪᠣᠭᠠᠯᠠᠵᠤ᠂ ᠬᠠᠷᠢᠯᠴᠠᠨ ᠠᠬᠢᠭᠤᠯᠵᠤ᠂ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠬᠤᠲᠠ ᠶᠢᠨ ᠱᠠᠲᠤᠨ ᠤ ᠪᠠᠶᠢᠭᠤᠯᠤᠭᠰᠠᠨ ︽ᠵᠢᠷᠭᠤᠭᠠᠨ ᠠᠵᠢᠯᠯᠠᠭ᠎ᠠ︾ ᠶᠢᠨ ᠠᠵᠢᠯ ᠤᠨ ᠲᠤᠰᠬᠠᠶ ᠠᠩᠭᠢ ᠨᠢ ᠲᠣᠬᠢᠷᠠᠭᠤᠯᠤᠯᠲᠠ ᠪᠠᠨ ᠴᠢᠩᠭᠠᠳᠬᠠᠵᠤ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠪᠣᠯᠣᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠪᠣᠳᠠᠲᠤ ᠠᠮᠵᠢᠯᠲᠠ ᠪᠠᠷ ᠪᠠᠭᠠᠲᠤᠷ ᠢ ᠦᠨᠡᠯᠡᠵᠦ᠂ ᠪᠣᠳᠠᠲᠤ ᠦᠷ᠎ᠡ ᠪᠦᠲᠦᠮᠵᠢ ᠪᠠᠷ ᠱᠠᠩᠨᠠᠵᠤ ᠲᠣᠷᠭᠠᠬᠤ ᠶᠢ ᠲᠣᠭᠲᠠᠭᠠᠬᠤ ᠬᠡᠷᠡᠭᠲᠡᠢ ᠭᠡᠵᠡᠢ᠃    ᠪᠣᠣ ᠭᠠᠩ ᠬᠡᠯᠡᠬᠦ ᠳᠡᠭᠡᠨ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠵᠦᠭᠯᠡᠭᠦᠷ ᠮᠥᠨ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠪᠠᠷ ᠪᠦᠬᠦ ᠵᠢᠯ ᠤᠨ ᠲᠣᠭᠲᠠᠭᠤᠨ᠂ ᠪᠦᠬᠦ ᠵᠢᠯ ᠤᠨ ᠳᠠᠪᠰᠢᠯᠲᠠ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠨᠢᠭᠡ ᠳᠤ᠂ ᠠᠵᠤ ᠦᠢᠯᠡᠳᠪᠦᠷᠢ ᠶᠢ ᠲᠣᠭᠲᠠᠪᠤᠷᠢᠵᠢᠭᠤᠯᠵᠤ᠂ ᠠᠵᠤ ᠦᠢᠯᠡᠰ ᠤᠨ ᠪᠦᠰᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠬᠤᠯᠪᠤᠯᠳᠤᠨ ᠬᠡᠯᠬᠢᠶᠡᠵᠢᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠬᠦ ᠬᠠᠨᠳᠤᠰᠢ ᠲᠠᠢ ᠪᠣᠯᠬᠤ ᠶᠢ ᠲᠦᠷᠭᠡᠳᠬᠡᠬᠦ ᠬᠡᠷᠡᠭᠲᠡᠢ᠃ ᠬᠤᠶᠠᠷ ᠲᠤ᠂ ᠲᠤᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠪᠠᠷ ᠳᠠᠶᠢᠴᠢᠯᠠᠯᠲᠠ ᠪᠤᠯᠭᠠᠵᠤ᠂ ᠡᠯ᠎ᠡ ᠵᠦᠢᠯ ᠤᠨ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠢ ᠡᠬᠢᠯᠡᠭᠦᠯᠬᠦ  ᠶᠤᠰᠤᠲᠠᠢ ᠶᠢ ᠨᠢ ᠪᠦᠬᠦᠨ ᠢ ᠡᠬᠢᠯᠡᠭᠦᠯᠵᠦ᠂ ᠡᠬᠢᠯᠡᠭᠦᠯᠵᠦ ᠳᠡᠶᠢᠯᠬᠦ ᠶᠢ ᠨᠢ ᠡᠷᠲᠡ ᠡᠬᠢᠯᠡᠭᠦᠯᠵᠦ᠂ ᠨᠡᠩ ᠤᠯᠠᠨ ᠪᠣᠳᠠᠲᠤ ᠠᠵᠢᠯ ᠤᠨ ᠬᠡᠮᠵᠢᠶ᠎ᠡ ᠶᠢ ᠪᠦᠷᠢᠯᠳᠦᠭᠦᠯᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠬᠦ ᠬᠡᠷᠡᠭᠲᠡᠢ᠃ ᠭᠤᠷᠪᠠ ᠳᠤ᠂ ᠬᠡᠷᠡᠭᠯᠡᠭᠡ ᠪᠠᠷ ᠳᠠᠶᠢᠴᠢᠯᠠᠵᠤ᠂ ᠲᠣᠭᠠᠴᠢᠯᠠᠭᠰᠠᠨ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠮᠡᠨᠳᠦ ᠶᠢᠨ ᠬᠡᠷᠡᠭᠯᠡᠭᠡ ᠵᠡᠷᠭᠡ ᠰᠢᠨ᠎ᠡ ᠬᠡᠯᠪᠡᠷᠢ ᠶᠢᠨ ᠬᠡᠷᠡᠭᠯᠡᠭᠡ ᠶᠢ ᠶᠡᠬᠡᠪᠡᠷ ᠬᠥᠭᠵᠢᠭᠦᠯᠵᠦ᠂ ︽ᠬᠤᠶᠠᠷ ᠰᠢᠨ᠎ᠡ︾ ᠳᠡᠮᠵᠢᠯᠭᠡ ᠶᠢᠨ ᠪᠡᠯᠡ ᠮᠥᠩᠭᠦ ᠪᠠᠷ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠥᠷᠭᠡᠨ ᠬᠡᠷᠡᠭᠯᠡᠭᠡᠨ ᠤ ᠲᠠᠸᠠᠷ ᠤᠨ ᠬᠡᠷᠡᠭᠯᠡᠭᠡ ᠶᠢ ᠬᠥᠭᠵᠢᠭᠦᠯᠦᠨ ᠳᠠᠶᠢᠴᠢᠯᠠᠵᠤ᠂ ᠣᠳᠣᠨ ᠲᠡᠰ ᠤᠨ ᠪᠠᠭᠤᠳᠠᠯ᠂ ᠲᠤᠮᠤ ᠬᠡᠯᠪᠡᠷᠢ ᠶᠢᠨ ᠬᠡᠯᠬᠢᠶᠡᠲᠦ ᠬᠡᠳᠦ ᠳᠡᠯᠭᠡᠭᠦᠷ ᠵᠡᠷᠭᠡ ᠡᠯ᠎ᠡ ᠲᠦᠷᠦᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠦᠷᠪᠡ ᠳᠤ᠂ ᠡᠳ᠋ ᠤᠨ ᠵᠠᠰᠠᠭ ᠢ ᠵᠦᠢ ᠵᠣᠬᠢᠰᠲᠠᠢ ᠪᠠᠶᠢᠯᠭᠠᠵᠤ᠂ ᠣᠷᠣᠯᠭ᠎ᠠ ᠶᠢᠨ ᠢᠷᠡᠯᠳᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠣᠷᠣᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠡᠢ ᠨᠡᠮᠡᠭᠳᠡᠯ ᠬᠤᠭᠤᠰᠣᠨ ᠡᠷᠭᠢᠯᠲᠡ ᠶᠢ ᠴᠢᠩᠭ᠎ᠠ ᠰᠡᠷᠭᠡᠶᠢᠯᠡᠵᠦ᠂ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠬᠦ ᠬᠡᠷᠡᠭᠲᠡᠢ᠃ ᠲᠠᠪᠤ ᠳᠤ ᠭᠠᠳᠠᠭᠠᠳᠤ ᠠᠷᠠᠯᠵᠢᠶ᠎ᠠ ᠶᠢ ᠨᠡᠮᠡᠭᠳᠡᠭᠦᠯᠵᠦ᠂ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠠᠭᠠᠷ ᠤᠨ ᠭᠠᠷᠠᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠮᠵᠢᠶ᠎ᠡ ᠪᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠶᠠᠯᠠᠯ ᠤᠨ ᠲᠤᠭ᠎ᠠ ᠬᠡᠮᠵᠢᠶ᠎ᠡ ᠶᠢ ᠬᠦᠴᠦᠯᠡᠨ ᠨᠡᠮᠡᠭᠳᠡᠭᠦᠯᠵᠦ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭ᠎ᠠ ᠶᠢ ᠶᠡᠬᠡᠪᠡᠷ ᠬᠥᠭᠵᠢᠭᠦᠯᠵᠦ᠂ ᠴᠢᠯᠥᠭᠡᠲᠦ ᠠᠷᠠᠯᠵᠢᠶᠠᠨ ᠤ ᠣᠷᠣᠨ ᠤ ᠳᠦᠷᠢᠮ ᠤᠨ ᠰᠢᠨ᠎ᠡ ᠶᠢ ᠡᠭᠦᠳᠬᠦ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠤᠷᠢᠳᠴᠢᠯᠠᠨ ᠰᠦᠪᠡᠭᠴᠢᠯᠡᠬᠦ ᠬᠡᠷᠡᠭᠲᠡᠶ ᠭᠡᠵᠡᠢ᠃    ᠪᠣᠣ ᠭᠠᠩ ᠴᠢᠬᠤᠯᠠᠴᠢᠯᠠᠬᠤ ᠳᠠᠭᠠᠨ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠬᠥᠮᠦᠨ ᠳᠤ ᠪᠤᠢ᠃ ᠡᠯ᠎ᠡ ᠱᠠᠲᠤᠨ ᠤ ᠤᠳᠤᠷᠢᠳᠬᠤ ᠺᠠᠳ᠋ᠷ ᠴᠢᠳᠠᠪᠤᠷᠢ ᠪᠠᠨ ᠳᠡᠭᠡᠭᠰᠢᠯᠡᠭᠦᠯᠬᠦ ᠪᠠᠨ ᠴᠢᠩᠭᠠᠳᠬᠠᠵᠤ᠂ ᠲᠦᠷᠦᠭᠦᠯᠡᠨ ᠠᠵᠤ ᠠᠬᠤᠢ ᠶᠢ ᠰᠤᠷᠤᠯᠴᠠᠵᠤ᠂ ᠠᠵᠤ ᠠᠬᠤᠢ ᠶᠢ ᠤᠶᠢᠯᠠᠭᠠᠵᠤ᠂ ᠠᠵᠤ ᠠᠬᠤᠢ ᠶᠢ ᠠᠳᠬᠤᠨ᠂ ᠲᠤᠭᠲᠠᠭᠠᠭᠰᠠᠨ ᠠᠵᠢᠯ ᠢ ᠳᠠᠷᠤᠶᠢᠬᠠᠨ ᠦᠷᠨᠢᠭᠦᠯᠵᠦ᠂ ᠴᠠᠭ ᠮᠥᠴᠡ ᠶᠢ ᠠᠮᠵᠢᠨ ᠠᠵᠢᠯᠯᠠᠵᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠳᠦᠭᠡᠨ ᠪᠠᠶᠢᠭᠤᠯᠬᠤ ᠲᠡᠦᠬᠡ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ ᠭᠡᠪᠡ᠃    ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1