ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/7
ᠾᠧ ᠬᠠᠢ ᠳ᠋ᠦᠩ ᠶᠠᠷᠢᠶ᠎ᠠ ᠲᠠᠯᠪᠢᠵᠠᠢ      ︵ᠰᠤᠷᠪᠤᠯᠵᠢᠯᠠᠭᠴᠢ ᠯᠢᠶᠠᠩ ᠵᠢᠩ ᠱᠥ︶ 2 ᠳ᠋ᠤᠭᠠᠷ ᠰᠠᠷ᠎ᠠ ᠶᠢᠨ 6 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2025 ᠣᠨ ᠤ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠵᠢᠶᠦ᠋ᠨ ᠤᠷᠢᠯᠭ᠎ᠠ ᠪᠠᠷ ᠬᠤᠷᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠺᠦᠨ ᠬᠤᠷᠠᠯ ᠢ ᠡᠷᠭᠢᠯᠡᠵᠦ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠾᠧ ᠬᠠᠶ ᠳ᠋ᠦᠩ ᠴᠢᠬᠤᠯᠠᠴᠢᠯᠠᠭᠰᠠᠨ ᠨᠢ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠷᠪᠠᠳᠤᠭᠠᠷ ᠤᠳᠠᠭᠠᠨ ᠤ ᠴᠢᠬᠡᠴᠢ ᠵᠠᠰᠠᠭ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠡᠷᠡᠰ ᠭᠤᠶᠢᠪᠢᠰᠢ ᠥᠬᠡᠶ ᠠᠬᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃      ᠾᠧ ᠬᠠᠢ ᠳ᠋ᠦᠩ ᠱᠠᠭᠠᠷᠳᠠᠭᠰᠠᠨ ᠨᠢ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠡᠯ᠎ᠡ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ᠃ ᠪᠥᠬᠦ ᠬᠦᠴᠦᠨ ᠢᠶᠠᠷ ᠢᠶᠠᠨ ᠬᠥᠭᠵᠢᠯᠲᠡ ᠶᠢ ᠡᠷᠢᠯᠬᠢᠯᠡᠵᠦ᠂ ᠤᠷᠤᠨ ᠤ ᠲᠥᠪ ᠬᠤᠲᠠ ᠶᠢ ᠪᠥᠬᠦ ᠣᠷᠣᠨ᠂ ᠪᠥᠬᠦ ᠤᠯᠤᠰ ᠤᠨ ᠲᠣᠮᠣ ᠰᠢᠰᠲ᠋ᠧᠮ᠂ ᠲᠣᠮᠣ ᠵᠠᠬ᠎ᠠ ᠳᠡᠯᠭᠡᠭᠦᠷ ᠤᠨ ᠳᠤᠮᠳᠠ ᠲᠠᠯᠪᠢᠵᠤ ᠲᠥᠯᠥᠪᠵᠢᠭᠦᠯᠦᠨ ᠪᠠᠶᠢᠷᠢᠰᠢᠭᠤᠯᠵᠤ᠂ ᠪᠥᠬᠦ ᠰᠡᠳᠬᠢᠯ ᠰᠠᠨᠠᠭ᠎ᠠ ᠪᠠ ᠣᠶᠤᠨ ᠴᠢᠳᠠᠯ ᠢᠶᠠᠨ ᠤᠷᠤᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠰᠦᠪᠡᠭᠴᠢᠯᠡᠬᠦ ᠳᠡᠭᠡᠷ᠎ᠡ ᠲᠠᠯᠪᠢᠬᠤ ᠬᠡᠷᠡᠭᠲᠡᠶ᠃ ᠤᠭ ᠰᠠᠨᠠᠭ᠎ᠠ ᠬᠤᠷᠢᠭ᠎ᠠ ᠱᠤᠭᠤᠮ ᠢ ᠪᠠᠲᠤ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠥᠪ ᠭᠤᠣᠯᠴᠢ ᠠᠷᠢᠭᠤᠨ ᠴᠢᠬᠡᠴᠢ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠠᠵᠢᠯ ᠶᠠᠪᠤᠳᠠᠯ ᠢ ᠪᠦᠲᠦᠭᠡᠬᠦ ᠪᠠᠷ ᠪᠠᠷᠠᠬᠤ ᠦᠭᠡᠢ ᠨᠡᠩ ᠴᠤ ᠬᠡᠷᠡᠭ ᠤᠴᠢᠷ ᠭᠠᠷᠴᠤ ᠪᠤᠯᠬᠤ ᠦᠭᠡᠢ ᠭᠡᠪᠡ᠃      ᠬᠤᠷᠠᠯ ᠢ ᠸᠢᠳᠢᠣ᠋ ᠮᠠᠶ᠋ᠢᠭ ᠢᠶᠠᠷ ᠬᠤᠷᠠᠯᠳᠤᠭᠤᠯᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1